7 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠬᠤᠰᠢᠭᠤᠨ ᠨᠠᠮ ᠤᠨ ᠬᠤᠷᠢᠶᠠᠨ ᠤ ᠲᠡᠳ᠋ ᠱᠥᠵᠢ᠂ | ᠬᠤᠰᠢᠭᠤᠨ ᠳᠠᠷᠤᠭ᠎ᠠ ᠴᠧᠡ ᠬᠤ᠋ ᠨᠠᠨ ᠪᠥᠯᠬᠦᠮ ᠳᠠᠭᠠᠭᠤᠯᠤᠨ ᠪᠡᠭᠡᠵᠢᠩ ᠬᠤᠲᠠ ᠶᠢᠨ ᠴᠠᠩᠫᠢᠩ ᠲᠤᠭᠤᠷᠢᠭ ᠲᠤ | ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠵᠤᠯᠭᠠᠭᠤᠯᠵᠤ᠂ ᠴᠠᠩᠫᠢᠩ ᠲᠣᠭᠤᠷᠢᠭ ᠤᠨ ᠨᠠᠮ | ᠤᠨ ᠬᠤᠷᠢᠶᠠᠨ ᠤ ᠲᠡᠳ᠋ ᠱᠦᠵᠢ᠂ ᠲᠣᠭᠤᠷᠢᠭ ᠤᠨ ᠲᠠᠷᠤᠭ᠎ᠠ ᡁᠢ ᠰᠢᠶᠡᠨ ᠸᠧᠢ ᠯᠦᠭᠡ ᠠᠵᠤ ᠦᠢᠯᠡᠰ ᠤᠨ | ᠬᠠᠮᠵᠢᠯᠴᠠᠭ᠎ᠠ ᠶᠢ ᠬᠥᠨᠵᠡᠭᠡᠢ ᠵᠤᠯᠭᠠᠭᠤᠯᠬᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ | ᠠᠭᠤᠰᠤᠯᠴᠠᠬᠤ ᠵᠡᠷᠭᠡ ᠠᠵᠢᠯ ᠤᠨ ᠲᠣᠬᠠᠢ ᠶᠡᠷᠢᠯᠴᠠᠵᠤ ᠰᠠᠨᠠᠯ ᠢᠶᠠᠨ ᠰᠤᠯᠢᠯᠴᠠᠪᠠ᠃ | | | | ᠴᠧᠠ ᠬᠤ᠋ ᠨᠠᠨ ᠴᠠᠩᠫᠢᠩ ᠲᠣᠭᠤᠷᠢᠭ ᠤᠨ ᠤᠷᠲᠤ ᠬᠤᠭᠤᠴᠠᠭᠠᠨ ᠤ ᠲᠣᠷᠰᠢ ᠠᠷᠤ ᠬᠤᠷᠴᠢᠨ | ᠬᠤᠰᠢᠭᠤᠨ ᠳᠤ ᠦᠵᠡᠭᠦᠯᠦᠭᠰᠡᠨ ᠬᠠᠯᠠᠮᠵᠢᠯᠡᠯ ᠪᠠ ᠬᠥᠴᠦᠲᠡᠢ ᠲᠠᠮᠵᠢᠯᠭᠡ ᠳᠤ ᠲᠠᠯᠠᠷᠬᠠᠵᠤ ᠪᠠᠶᠢᠬᠤ ᠪᠠᠨ | ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠴᠡᠩᠫᠢᠩ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠬᠠᠪᠰᠤᠷᠤᠯᠭ᠎ᠠ ᠳᠣᠣᠷ᠎ᠠ᠂ ᠬᠤᠶᠠᠷ ᠭᠠᠵᠠᠷ ᠤᠨ ᠰᠤᠯᠢᠯᠴᠠᠭᠠᠨ ᠤ ᠲᠣᠭᠳᠠᠴᠠ ᠠᠯᠬᠤᠮ ᠠᠯᠬᠤᠮ ᠢᠶᠠᠷ | ᠪᠦᠷᠢᠡᠰᠢᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠡᠳᠦᠷ ᠢᠷᠡᠬᠦᠶ᠎ᠡ ᠬᠥᠨᠵᠡᠭᠡᠶᠢᠷᠡᠨ᠂ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠡ᠂ ᠠᠵᠤ ᠦᠢᠯᠡᠰ ᠤᠨ ᠬᠥᠭᠵᠢᠯᠲᠡ᠂ ᠣᠯᠠᠨ ᠲᠦᠮᠡᠨ ᠤ ᠣᠷᠣᠯᠭ᠎ᠠ ᠶᠢᠨ ᠨᠡᠮᠡᠭᠲᠡᠯ ᠵᠡᠷᠭᠡ | ᠠᠯᠢ ᠣᠯᠠᠨ ᠲᠠᠯ᠎ᠠ ᠶᠢᠨ ᠴᠢᠬᠤᠯᠠ ᠦᠷ᠎ᠡ ᠪᠦᠲᠥᠭᠡᠯ ᠣᠯᠵᠤ᠂ ᠠᠷᠤ ᠬᠤᠷᠴᠢᠨ ᠬᠤᠰᠢᠭᠤᠨ ᠤ ᠠᠵᠤ ᠠᠬᠤᠢ | ᠨᠡᠶᠢᠭᠡᠮ ᠤᠨ ᠴᠢᠨᠡᠷ ᠰᠠᠶᠢᠲᠡᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠥᠴᠦᠨ ᠨᠡᠮᠡᠷᠢᠯᠡᠪᠠ᠃ ᠠᠷᠦ | ᠬᠤᠷᠴᠢᠠ ᠬᠤᠰᠢᠭᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠠ ᠲᠣᠬᠢᠶᠠᠯ ᠢ ᠬᠤᠪᠢ ᠲᠠᠬᠢᠨ | ᠨᠡᠨᠳᠢᠩᠨᠡᠵᠦ᠂ ᠵᠢᠷᠭᠤᠭᠠᠨ ︽ᠲᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠦᠨᠵᠡᠭᠡᠢ ᠠᠬᠢᠭᠤᠯᠬᠤ ᠪᠠᠷ ᠴᠢᠭᠯᠡᠯ | ᠪᠣᠯᠭᠠᠨ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠡᠨ ᠬᠦᠭᠵᠢᠬᠦ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠡᠵᠤ ᠠᠵᠤ ᠠᠬᠤᠶᠢᠯᠠᠯ ᠪᠠ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠵᠠᠯᠭᠠᠨ ᠠᠪᠴᠤ᠂ ᠶᠠᠳᠠᠭᠤ | ᠠᠴᠠ ᠠᠩᠭᠢᠵᠢᠷᠠᠭᠤᠯᠬᠤ ᠰᠢᠪᠲᠦᠯᠦᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠦᠷᠭᠡᠳᠬᠡᠵᠦ᠂ | ᠠᠷᠦ ᠬᠤᠷᠴᠢᠨ ᠬᠤᠰᠢᠭᠤᠨ ᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠠᠬᠢᠨ ᠰᠢᠨ᠎ᠠ | ᠳᠡᠭᠳᠡᠷ ᠲᠤ ᠭᠠᠷᠴᠤ᠂ ᠰᠢᠨ᠎ᠠ ᠦᠷ᠎ᠡ ᠪᠦᠳᠥᠮᠵᠢ ᠣᠯᠬᠤ ᠶᠢ ᠠᠬᠢᠭᠤᠯᠣᠨ᠎ᠠ ᠭᠡᠪᠡ᠃ | ᡁᠢ ᠰᠢᠶᠠᠨ ᠸᠧᠢ ᠢᠯᠡᠷᠬᠡᠶᠢᠯᠡᠬᠦ ᠳᠡᠭᠡᠨ᠂ ᠴᠡᠩᠫᠢᠩ ᠲᠣᠭᠤᠷᠢᠭ ᠪᠣᠯᠣᠨ ᠠᠷᠦ ᠬᠤᠷᠴᠢᠨ ᠬᠤᠰᠢᠭᠤ | ᠬᠠᠮᠵᠢᠯᠴᠠᠭᠠᠨ ᠤ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠰᠤᠷᠭᠠᠨ ᠬᠥᠮᠥᠵᠢᠯ ᠡᠷᠡᠭᠦᠯ ᠬᠠᠮᠠᠭᠠᠯᠠᠯ᠂ ᠠᠵᠢᠯ | ᠣᠯᠭᠤᠯᠲᠠ ᠪᠠᠷ ᠲᠠᠶᠢᠴᠢᠯᠠᠬᠤ᠂ ᠬᠡᠷᠡᠭᠯᠡᠭᠡ ᠶᠢ ᠠᠬᠢᠭᠤᠯᠬᠤ ᠵᠡᠷᠭᠡ ᠬᠦᠷᠢᠶᠡᠨ ᠳᠤ ᠬᠠᠮᠲᠤᠷᠡᠯᠴᠠᠭᠠ ᠪᠠᠨ | ᠦᠷᠭᠦᠯᠵᠢᠯᠡᠨ ᠬᠥᠨᠵᠡᠭᠡᠶᠢᠷᠡᠭᠦᠯᠵᠦ᠂ ᠣᠯᠤᠯᠴᠠᠭ᠎ᠠ ᠵᠤᠯᠭᠠᠯᠴᠠᠭ᠎ᠠ ᠪᠠᠨ ᠨᠢᠭᠳᠠᠷᠠᠭᠤᠯᠣᠨ᠂ ᠬᠤᠶᠠᠷ ᠭᠠᠵᠠᠷ ᠤᠨ ᠺᠠᠳ᠋ᠷ | ᠣᠯᠠᠨ ᠲᠦᠮᠡᠨ ᠬᠦᠡ ᠵᠣᠵᠠᠭᠠᠨ ᠨᠥᠬᠦᠷᠯᠠᠯ ᠪᠠᠶᠢᠭᠤᠯᠪᠠ᠃ ᠲᠠᠷᠠᠭᠠᠴᠢ ᠶᠢᠨ ᠠᠯᠬᠤᠮ ᠳᠤ᠂ ᠴᠠᠩᠫᠢᠩ ᠲᠣᠭᠤᠷᠢᠭ | ᠣᠯᠠᠨ ᠲᠠᠰ ᠲᠠᠪᠬᠤᠷᠭ᠎ᠠ ᠶᠢᠨ ᠬᠠᠮᠵᠢᠯᠴᠠᠭᠠᠨ ᠤ ᠰᠢᠰᠲ᠋ᠧᠮ ᠢ ᠤᠯᠠᠮ ᠴᠢᠨᠠᠭᠰᠢᠲᠡ ᠪᠦᠷᠢᠨᠰᠢᠭᠦᠯᠵᠤ᠂ ︽ᠪᠦᠯᠬᠦᠮ | ᠪᠠᠶᠢᠭᠤᠯᠬᠤ ᠮᠠᠶ᠋ᠢᠭ︾ ᠤᠨ ᠬᠠᠮᠵᠢᠨ ᠲᠤᠰᠠᠯᠠᠬᠤ ᠶᠠᠰᠤ ᠴᠢᠨᠠᠷ ᠢ ᠲᠡᠭᠡᠭᠰᠢᠯᠡᠭᠦᠯᠵᠤ᠂ ᠰᠣᠯᠢᠯᠴᠠᠭ᠎ᠠ ᠶᠢ | ᠬᠦᠨᠵᠡᠭᠡᠶᠢᠷᠡᠭᠦᠯᠦᠨ ᠪᠣᠳᠡᠳᠡᠶᠢᠵᠢᠭᠤᠯᠬᠤ᠂ ᠲᠦᠷᠦᠯ ᠵᠦᠢᠯ ᠢ ᠪᠣᠳᠠᠳᠠᠢ ᠳᠤ ᠨᠡᠶᠢᠳᠠᠪᠤᠷᠢᠵᠢᠭᠤᠯᠬᠤ᠂ ᠠᠵᠤ | ᠦᠢᠯᠡᠰ ᠢ ᠲᠠᠰ ᠲᠠᠪᠰᠢᠭᠦᠯᠬᠦ ᠶᠢ ᠲᠦᠷᠭᠡᠣᠡᠭᠡᠨ ᠠᠬᠢᠭᠤᠯᠵᠤ᠂ ᠬᠤᠶᠠᠷ ᠭᠠᠵᠠᠷ ᠤᠨ ᠶᠠᠪᠤᠯᠴᠠᠭ᠎ᠠ ᠠᠭᠤᠰᠤᠯᠴᠠᠯ᠂ | ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ ᠰᠢᠨ᠎ᠠ ᠪᠠᠶᠢᠳᠡᠯ ᠢ ᠲᠡᠰᠤᠷᠠᠯᠲᠡ ᠦᠭᠡᠢ ᠡᠭᠦᠳᠬᠦ ᠪᠣᠯᠣᠨ᠎ᠠ | ᠭᠡᠪᠡ᠃ | ᠬᠤᠰᠢᠭᠤᠨ ᠤᠳᠣᠷᠢᠳᠤᠯᠭᠠ ᠶᠠᠩ ᠵᠢᠶᠧ᠂ ᠮᠦ ᠬᠦᠸᠧ ᠳ᠋ᠦᠩ᠂ ᠴᠠᠩᠫᠢᠩ ᠲᠣᠭᠤᠷᠢᠭ ᠤᠨ ᠣᠳᠤᠷᠢᠳᠤ᠋ | ᠯᠭ᠎ᠠ ᠭᠦᠸᠧ ᠴᠢᠩ ᠶᠣᠣ ᠶᠠᠷᠢᠯᠴᠠᠬᠤ ᠬᠤᠷᠠᠯ ᠳᠤ ᠣᠷᠣᠯᠴᠠᠪᠠ᠃ ︵ᠴᠡᠯᠮᠡᠭ︶ | | |