ᠦᠪᠡᠷᠳᠡᠭᠡᠨ ᠵᠠᠰᠠᠬᠤ ᠣᠷᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠵᠢᠷᠭᠤᠭᠠᠨ ︽ | ᠲᠠᠬᠢᠨ ᠢᠶᠠᠷ ᠨᠡᠮᠡᠭᠳᠡᠬᠦᠯᠬᠦ ᠲᠥᠯᠥᠪᠯᠡᠭᠡ︾ ᠶᠢ ᠬᠥᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠤ | ᠬᠤᠷᠴᠢᠨ ᠬᠤᠰᠢᠭᠤᠨ ᠤ ᠴᠢᠨᠠᠷ ᠰᠠᠶᠢᠲᠠᠢ ᠴᠡᠪᠡᠷ ᠪᠠᠶᠢᠭᠠᠯᠢᠯᠢᠭ ᠮᠠᠯ ᠤᠨ ᠠᠰᠢᠭ ᠰᠢᠮ᠎ᠠ ᠲᠠᠷᠢᠶᠡᠯᠠᠩ ᠤᠨ | ᠪᠦᠳᠦᠭᠡᠭᠳᠡᠭᠦᠨ ᠤ ᠪᠡᠭᠡᠵᠢᠩ ᠤᠨ ᠵᠠᠬ᠎ᠠ ᠲᠡᠯᠭᠡᠭᠦᠷ ᠲᠠᠬᠢ ᠨᠡᠷ᠎ᠠ ᠠᠯᠳᠡᠷᠰᠢᠯ ᠪᠠ ᠨᠥᠯᠥᠭᠡᠯᠡᠬᠦ ᠬᠦᠴᠣᠨ ᠢ ᠤᠯᠠᠮ | ᠨᠢᠭᠡ ᠠᠯᠬᠤᠮ ᠲᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ ︽ᠠᠷᠢᠭᠤᠨ ᠲᠠᠭᠰᠢᠨ ᠠᠷᠤ ᠬᠤᠷᠴᠢᠨ | ᠴᠠᠩᠫᠢᠩ ᠳᠠᠬᠢ ᠪᠣᠯᠵᠤᠭ᠎ᠠ︾ ᠣᠯᠠᠭᠠᠬᠠᠭᠲᠠ ᠬᠤᠲᠠ ᠶᠢᠨ ᠪᠡᠭᠡᠵᠢᠩ ᠲᠢᠶᠠᠨᠵᠢᠨ ᠾᠧᠪᠧᠢ ᠣᠷᠣᠨ ᠤ | ᠬᠠᠮᠵᠢᠯᠴᠠᠭ᠎ᠠ ᠶᠢᠨ ᠬᠥᠭᠵᠢᠯᠲᠠ ᠯᠦᠭᠡ ᠠᠭᠤᠰᠤᠯᠴᠠᠯ ᠢ ᠠᠬᠢᠭᠤᠯᠬᠤ ᠭᠠᠷᠠᠭ ᠤᠨ ᠠᠵᠢᠯᠯᠠᠭᠠᠨ ᠤ ᠠᠷᠤ ᠬᠤᠷᠴᠢᠨ | ᠬᠤᠰᠢᠭᠤ ᠶᠢᠨ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠶᠠᠪᠤᠭᠲᠠᠪᠠ᠃ ᠬᠤᠰᠢᠭᠤᠨ ᠨᠠᠮ ᠤᠨ ᠬᠤᠷᠢᠶᠠᠨ ᠤ | ᠲᠡᠳ᠋ ᠱᠥᠵᠢ᠂ ᠬᠤᠰᠢᠭᠤᠨ ᠲᠠᠷᠤᠭ᠎ᠠ ᠴᠧᠠ ᠬᠤ᠋ ᠨᠠᠨ᠂ ᠴᠠᠩᠫᠢᠩ ᠲᠣᠭᠤᠷᠢᠭ ᠤᠨ ᠬᠥᠳᠡᠭᠡ ᠠᠵᠤ ᠠᠬᠤᠢ | ᠬᠥᠳᠡᠭᠡ ᠲᠣᠰᠬᠤᠨ ᠤ ᠲᠣᠪᠴᠢᠶ᠎ᠠ ᠶᠢᠨ ᠲᠡᠳ᠋ ᠲᠠᠷᠤᠭ᠎ᠠ ᠯᠢ ᠸᠧᠢ ᠳ᠋ᠦᠩ᠂ ᠬᠤᠰᠢᠭᠤᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠰᠢᠭᠤᠨ ᠲᠡᠳ᠋ ᠳᠠᠷᠤᠭ᠎ᠠ ᠶᠠᠩ ᠵᠢᠶᠧ᠂ ᠬᠤᠰᠢᠭᠤᠨ ᠵᠠᠰᠠᠭ ᠤᠨ ᠤᠷᠳᠤᠨ ᠤ ᠲᠡᠳ᠋ | ᠲᠠᠷᠤᠭ᠎ᠠ ᠶᠢᠨ ᠨᠡᠷ᠎ᠠ ᠲᠤᠷᠠᠳᠤᠭᠰᠠᠨ ᠵᠢᠱᠢᠭᠳᠡᠭᠴᠢ ᠮᠦ ᠬᠦᠸᠧ ᠳ᠋ᠦᠩ ᠪᠠ ᠴᠡᠩᠫᠢᠩ ᠠᠷᠦ ᠬᠤᠷᠴᠢᠨ ᠬᠤᠶᠠᠷ | ᠭᠠᠵᠠᠷ ᠤᠨ ᠬᠤᠯᠪᠤᠭᠳᠠᠯ ᠪᠥᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠢᠴᠢ ᠠᠵᠤ ᠠᠬᠤᠶᠢᠯᠠᠯ ᠤᠨ | ᠲᠥᠯᠦᠭᠡᠯᠡᠭᠴᠢ ᠠᠵᠢᠯᠯᠠᠭ᠎ᠠ ᠳᠤ ᠣᠷᠤᠯᠴᠡᠪᠠ᠃ | | | | | | ᠡᠬᠢᠯᠡᠯᠲᠠ ᠶᠢᠨ ᠶᠣᠰᠣᠯᠠᠯ ᠳᠡᠭᠡᠷ᠎ᠡ᠂ ᠴᠡᠩᠫᠢᠩ ᠲᠣᠭᠤᠷᠢᠭ ᠤᠨ ᠬᠥᠳᠡᠭᠡ ᠠᠵᠤ ᠠᠬᠤᠢ ᠬᠥᠳᠡᠭᠡ | ᠲᠣᠰᠬᠤᠨ ᠤ ᠲᠣᠪᠴᠢᠶ᠎ᠠ ᠶᠢᠨ ᠲᠡᠳ᠋ ᠳᠠᠷᠤᠭ᠎ᠠ ᠯᠢ ᠸᠧᠢ ᠳ᠋ᠦᠩ᠂ ᠬᠤᠰᠢᠭᠤᠨ ᠵᠠᠰᠠᠭ ᠤᠨ ᠣᠷᠳᠤᠨ ᠤ ᠲᠡᠳ᠋ | ᠲᠠᠷᠤᠭ᠎ᠠ ᠶᠢᠨ ᠨᠠᠷ᠎ᠡ ᠲᠤᠷᠠᠳᠤᠭᠰᠠᠨ ᠵᠢᠱᠢᠭᠳᠡᠭᠴᠢ ᠮᠦ ᠬᠦᠸᠧ ᠳ᠋ᠦᠡᠭ ᠲᠤᠰ ᠲᠤᠰ ᠪᠠᠶᠠᠷ ᠤᠨ ᠦᠭᠡ ᠬᠡᠯᠠᠵᠤ᠂ | ᠠᠷᠤ ᠬᠤᠷᠴᠢᠨ ᠬᠤᠰᠢᠭᠤᠨ ᠤ 7 ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠴᠢᠨᠠᠷ ᠰᠠᠶᠢᠲᠠᠢ ᠴᠠᠪᠠᠷ | ᠪᠠᠶᠢᠭᠠᠯᠢᠯᠢᠭ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢᠶᠠᠨ ᠲᠣᠰ ᠲᠣᠰ ᠲᠠᠨᠢᠯᠴᠠᠭᠤᠯᠪᠠ᠃ | ᠲᠠᠷᠠᠭ᠎ᠠ ᠨᠢ᠂ ᠬᠤᠷᠠᠯ ᠳᠤ ᠣᠷᠣᠯᠴᠠᠠᠰᠠᠨ ᠣᠳᠤᠷᠢᠳᠤᠯᠭ᠎ᠠ ᠪᠣᠯᠣᠨ ᠵᠣᠴᠢᠳ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠲᠦᠭᠡᠭᠳᠡᠭᠦᠨ ᠤ ᠦᠵᠡᠭᠦᠯᠭᠡ ᠶᠢᠨ ᠣᠷᠣᠨ ᠢᠶᠠᠷ ᠪᠦᠲᠦᠭᠡᠭᠳᠡᠭᠦᠨ ᠢ ᠰᠣᠨᠢᠷᠬᠠᠨ ᠦᠵᠡᠵᠦ ᠴᠢᠨᠡᠷ | ᠢ ᠨᠢ ᠳᠤᠷᠰᠢᠨ ᠰᠢᠯᠭᠠᠪᠠ᠃ | | | | | | ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠳᠤ ᠠᠷᠦ ᠬᠤᠷᠴᠢᠨ ᠬᠤᠰᠢᠭᠤᠨ ᠤ ᠮᠠᠯ ᠤᠨ ᠠᠰᠢᠭ | ᠰᠢᠮ᠎ᠠ ᠲᠠᠷᠢᠶᠡᠯᠡᠩ ᠤᠨ ᠪᠦᠳᠦᠭᠡᠭᠳᠡᠭᠦᠨ ᠤ 90 ᠭᠠᠷᠦᠢ ᠵᠦᠢᠯ ᠤᠨ ᠦᠢᠯᠡᠳᠭᠦᠨ ᠢ ᠲᠠᠨᠢᠯᠴᠠᠭᠤᠯᠤᠨ᠂ ᠲᠡᠯᠭᠡᠨ | ᠦᠵᠡᠭᠦᠯᠭᠡ ᠳᠤ ᠣᠷᠭᠠᠨᠢᠭ ᠨᠡᠷᠢᠮᠤ᠂ ᠦᠭᠡᠷ ᠤᠨ ᠪᠣᠷᠴᠠ᠂ ᠴᠠᠭᠠᠨ ᠢᠳᠡᠭᠡᠨ ᠤ ᠵᠦᠢᠯ᠂ ᠬᠠᠷ᠎ᠠ ᠠᠷᠢᠬᠢ ᠮᠡᠲᠦ | ᠶᠢᠨ ᠣᠭᠢ ᠰᠢᠯᠢᠲᠡᠭ ᠪᠦᠲᠦᠭᠡᠭᠳᠡᠭᠦᠨ ᠨᠢ ᠬᠡᠷᠡᠭᠯᠡᠭᠴᠢᠳ ᠤᠨ ᠳᠠᠭᠠᠰᠢᠶᠠᠯ ᠢ ᠣᠯᠵᠤ᠂ ᠪᠣᠷᠣᠯᠠᠭᠤᠯᠭ᠎ᠠ ᠰᠠᠶᠢᠲᠠᠢ | ᠪᠠᠶᠢᠪᠠ᠃ | | | | | | ᠣᠶᠢᠯᠠᠭᠠᠡᠡᠰᠡᠨ ᠢᠶᠠᠷ᠂ ᠤᠶᠢᠷ᠎ᠡ ᠶᠢᠨ ᠵᠢᠯ ᠳᠤ᠂ ᠠᠷᠦ ᠬᠤᠷᠴᠢᠨ ᠬᠤᠰᠢᠭᠤ ᠡᠬᠢ ᠪᠠᠶᠠᠯᠢᠭ ᠤᠨ | ᠲᠠᠪᠠᠭᠤᠯᠢᠭ ᠪᠠ ᠠᠵᠤ ᠦᠢᠯᠡᠰ ᠤᠨ ᠰᠠᠭᠤᠷᠢ ᠳᠠᠭᠠᠨ ᠲᠦᠰᠢᠭᠯᠡᠨ᠂ ᠲᠠᠷᠢᠶᠠᠯᠠᠩ ᠮᠠᠯ ᠠᠵᠤ ᠠᠬᠤᠢ ᠶᠢᠨ ᠬᠡᠯᠪᠠᠷᠢ | ᠪᠠᠨ ᠬᠤᠪᠢᠷᠠᠭᠤᠯᠤᠨ ᠲᠠᠰ ᠲᠠᠪᠰᠢᠬᠦ᠂ ᠣᠷᠣᠨ ᠪᠦᠰᠡ ᠶᠢᠨ ᠣᠨᠴᠡᠯᠢᠭ᠌ᠲᠤ ᠨᠡᠷᠡᠳᠤ ᠲᠡᠮᠳᠡᠭᠲᠤ ᠶᠢ ᠡᠭᠦᠳᠦᠨ ᠪᠤᠢ | ᠪᠣᠯᠭᠠᠬᠤ ᠶᠢ ᠲᠠᠰᠤᠷᠠᠯᠲᠡ ᠦᠭᠡᠢ ᠠᠬᠢᠭᠤᠯᠵᠤ᠂ ᠡᠯ᠎ᠡ ᠳᠥᠷᠦᠯ ᠤᠨ ᠮᠠᠯ ᠤᠨ ᠠᠰᠢᠭ ᠰᠢᠮ᠎ᠡ ᠲᠠᠷᠢᠶᠡᠯᠠᠩ ᠤᠨ | ᠪᠦᠲᠦᠭᠡᠭᠳᠡᠭᠦᠨ ᠵᠢᠴᠢ ᠣᠨᠴᠡᠯᠢᠭ᠌ᠲᠤ ᠭᠠᠷ ᠤᠷᠠᠯᠠᠯ ᠤᠨ ᠪᠦᠲᠦᠭᠡᠭᠳᠡᠭᠦᠨ ᠢ ᠪᠡᠭᠡᠵᠢᠩ ᠳᠤ ᠳᠠᠯᠭᠡᠨ | ᠪᠣᠷᠣᠯᠠᠭᠤᠯᠤᠭᠰᠠᠨ ᠲᠤᠭ᠎ᠠ ᠨᠢ ᠨᠡᠶᠢᠳᠠ 17.75 ᠳ᠋ᠦᠩᠰᠢᠭᠤᠷ ᠳᠦᠭᠦᠷᠢᠭ ᠲᠤ ᠬᠦᠷᠴᠡᠢ᠃ ︵ᠴᠡᠯᠮᠡᠭ᠂ ᠵᠣᠣ | ᠶᠠ ᠨᠠᠨ︶ | | | | | |