ᠴᠧᠨ ᠬᠤ᠋ ᠨᠠᠨ ᠬᠤᠰᠢᠭᠤᠨ ᠬᠤᠲᠠ ᠬᠥᠳᠡᠭᠡ ᠶᠢᠨ ᠪᠦᠳᠦᠬᠡᠨ ᠪᠠᠶᠢᠭᠤᠯᠤᠯᠲᠡ ᠶᠢᠨ ᠪᠦᠯᠦᠭᠯᠡᠯ᠂ ᠤᠯᠤᠰ  ᠤᠨ ᠦᠮᠴᠢᠯᠡᠯᠲᠤ ᠡᠳ᠋ ᠬᠥᠷᠦᠩᠬᠡ ᠶᠢᠨ ᠠᠵᠤ ᠠᠬᠤᠢ ᠶᠢᠨ ᠬᠠᠮᠢᠶᠡᠷᠤᠯᠲᠡ ᠶᠢᠨ ᠪᠦᠯᠥᠭᠯᠡᠯ  ᠳᠤ ᠬᠦᠷᠴᠦ ᠲᠤᠰᠬᠠᠢ ᠰᠡᠲᠦᠪᠲᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠡᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/19
       7 ᠰᠠᠷ᠎ᠠ ᠶᠢᠨ 17 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠲᠠᠷᠤᠭ᠎ᠠ ᠴᠧᠠ ᠬᠤ᠋ ᠨᠠᠨ ᠬᠤᠰᠢᠭᠤᠨ ᠰᠢᠭᠤᠳ ᠬᠠᠷᠢᠶ᠎ᠠ ᠣᠯᠤᠰ ᠤᠨ ᠦᠮᠴᠢᠯᠠᠯᠳᠤ ᠠᠵᠤ ᠠᠬᠤᠶᠢᠯᠠᠯ ᠳᠤ ᠲᠣᠰᠬᠠᠢ ᠰᠡᠳᠤᠪᠲᠤ ᠪᠠᠶᠢᠴᠠᠭᠠᠨ ᠰᠤᠳᠤᠯᠤᠯᠲᠡ ᠬᠢᠬᠦ ᠶᠢᠨ ᠬᠠᠮᠲᠤ ᠶᠡᠷᠢᠯᠴᠠᠬᠤ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠤᠨ ᠦᠮᠴᠢᠯᠡᠯᠳᠤ ᠠᠵᠤ  ᠠᠬᠤᠶᠢᠯᠠᠯ ‍ᠦᠨ‌ᠦᠭᠡᠷᠡᠴᠢᠯᠡᠯᠲᠡ ᠬᠥᠭᠵᠢᠯᠲᠡ ᠶᠢᠨ ᠲᠤᠬᠠᠢ ᠴᠢᠬᠤᠯᠠ ᠦᠬᠦᠯᠠᠯᠲᠠ ᠶᠢ ᠬᠥᠨᠵᠡᠭᠡᠢ ᠰᠤᠷᠤᠯᠴᠡᠨ ᠲᠣᠭᠤᠰᠢᠯᠠᠭᠤᠯᠵᠤ᠂ ᠴᠢᠳᠠᠮᠵᠢ ᠪᠠᠶᠢᠷᠢ ᠲᠣᠭᠲᠠᠭᠠᠯᠲᠠ ᠶᠢ ᠲᠣᠳᠣᠷᠬᠠᠢ ᠪᠣᠯᠭᠠᠨ᠂ ᠵᠠᠬ᠎ᠠ ᠳᠡᠯᠭᠡᠭᠦᠷ ᠤᠨ ᠤᠳᠣᠷᠢᠳᠤᠮᠵᠢ ᠶᠢ ᠪᠠᠷᠢᠮᠳᠡᠯᠠᠵᠤ᠂ ᠳᠦᠷᠦᠯ ᠵᠦᠢᠯ ᠤᠨ ᠲᠤᠯᠭᠠᠭᠤᠷᠢᠯᠡᠯ ᠢ ᠴᠢᠩᠭᠠᠷᠠᠭᠤᠯᠤᠨ᠂ ᠤᠯᠤᠰ ᠤᠨ ᠦᠮᠴᠢᠯᠠᠯᠳᠤ ᠠᠵᠤ ᠠᠬᠤᠶᠢᠯᠠᠯ ᠢ ᠬᠦᠴᠦᠷᠬᠡᠭᠵᠢᠭᠦᠯᠥᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠪᠥᠬᠦ ᠬᠦᠴᠦᠨ  ᠢᠶᠠᠷ ᠢᠶᠠᠨ ᠲᠥᠯᠬᠢᠨ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃
       ᠶᠡᠷᠢᠯᠴᠠᠬᠤ ᠬᠤᠷᠠᠯ ᠳᠡᠭᠡᠷ᠎ᠡ᠂ ᠴᠧᠨ ᠬᠤ᠋ ᠨᠠᠨ ᠬᠤᠲᠠ ᠬᠦᠳᠡᠭᠡ ᠶᠢᠨ ᠪᠦᠳᠦᠬᠡᠨ ᠪᠠᠶᠢᠭᠤᠯᠤᠯᠲᠡ ᠶᠢᠨ ᠪᠦᠯᠦᠭᠯᠡᠯ᠂ ᠤᠯᠤᠰ ᠤᠨ ᠦᠮᠴᠢᠯᠡᠯᠳᠦ ᠡᠳ᠋ ᠬᠥᠷᠥᠩᠬᠡ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠪᠦᠯᠦᠭᠯᠡᠯ ᠤᠨ ᠡᠵᠡᠩᠨᠡᠯᠲᠠ ᠬᠠᠮᠢᠶᠡᠷᠤᠯᠲᠠ᠂ ᠡᠳ᠋ ᠬᠥᠷᠥᠩᠬᠡ ᠶᠢᠨ ᠠᠰᠢᠭ ᠣᠷᠣᠯᠭ᠎ᠠ᠂ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠡ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠤᠷᠤᠰᠢᠵᠤ ᠪᠠᠶᠢᠭ᠎ᠠ ᠠᠰᠠᠭᠤᠳᠠᠯ ᠢ ᠬᠦᠨᠵᠡᠭᠡᠢ ᠵᠠᠳᠠᠯᠤᠨ᠂ ᠬᠥᠭᠵᠢᠯᠲᠡ ᠶᠢᠨ ᠰᠡᠳᠬᠢᠴᠡ ᠠᠷᠭ᠎ᠠ ᠬᠡᠮᠵᠢᠶ᠎ᠡ ᠶᠢ ᠰᠤᠳᠤᠯᠵᠠᠢ᠃        ᠴᠧᠠ ᠬᠤ᠋ ᠨᠠᠨ ᠠᠴᠠ᠂ ᠬᠤᠰᠢᠭᠤᠨ ᠰᠢᠭᠤᠳ ᠬᠠᠷᠢᠶ᠎ᠠ ᠤᠯᠤᠰ ᠤᠨ ᠦᠮᠴᠢᠯᠡᠯᠲᠤ ᠬᠤᠶᠠᠷ ᠠᠵᠤ ᠠᠬᠤᠶᠢᠯᠠᠯ ᠨᠢ 2022 ᠣᠨ ᠤ 7 ᠰᠠᠷ᠎ᠠ ᠳᠤ ᠪᠠᠶᠢᠭᠤᠯᠤᠭᠳᠠᠭᠰᠠᠨ ᠠᠴᠠ ᠨᠠᠭᠠᠰᠢ᠂ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠦᠷᠢᠳᠤ ᠪᠤᠳᠣᠯᠭ᠎ᠠ ᠪᠠᠶᠢᠷᠢᠯᠠᠭᠤᠯᠤᠯᠲᠡ ᠶᠢ ᠨᠡᠷᠢᠨ ᠬᠢᠨᠡᠮᠠᠭᠠᠢ ᠨᠠᠶᠢᠲᠠᠪᠤᠷᠢᠵᠢᠭᠤᠯᠵᠤ᠂ ᠦᠭᠡᠷᠡᠴᠢᠯᠠᠯᠲᠡ ᠶᠢ ᠬᠥᠨᠵᠡᠭᠡᠶᠢᠷᠡᠭᠦᠯᠬᠦ᠂ ᠡᠵᠡᠩᠨᠡᠯᠲᠡ ᠬᠠᠮᠢᠶᠡᠷᠦᠯᠲᠡ᠂ ᠳᠦᠷᠦᠯ ᠵᠦᠢᠯ ᠢ ᠬᠡᠷᠡᠭᠵᠢᠭᠦᠯᠬᠦ ᠵᠡᠷᠭᠡ ᠲᠠᠯ᠎ᠠ ᠪᠠᠷ ᠵᠠᠷᠢᠮ ᠠᠰᠢᠡᠡᠳᠡᠢ ᠰᠥᠪᠡᠭᠴᠢᠯᠡᠯᠲᠡ ᠬᠢᠵᠤ᠂ ᠵᠣᠬᠢᠬᠤ ᠦᠷ᠎ᠡ ᠪᠦᠳᠦᠮᠵᠢ ᠭᠠᠷᠭᠠᠨ᠂ ᠡᠵᠡᠩᠨᠠᠯᠲᠠ ᠶᠢᠨ ᠭᠡᠪᠴᠢᠶ᠎ᠡ᠂ ᠶᠠᠰᠤ ᠴᠢᠨᠡᠷ᠂ ᠦᠷ᠎ᠡ ᠠᠰᠢᠭ ᠲᠣᠭᠲᠠᠭᠤᠨ ᠢᠶᠠᠷ ᠲᠡᠭᠡᠭᠰᠢᠯᠡᠵᠤ᠂ ᠤᠯᠤᠰ ᠤᠨ ᠦᠮᠴᠢᠯᠡᠯᠲᠤ ᠬᠤᠶᠠᠷ ᠠᠵᠤ ᠠᠬᠤᠶᠢᠯᠠᠯ ᠴᠥᠮ ᠥᠪᠡᠷ ᠥᠪᠡᠷ ᠤᠨ ᠴᠢᠳᠠᠮᠵᠢ ᠪᠠᠶᠢᠷᠢ ᠲᠣᠭᠲᠠᠭᠠᠯᠲᠠ᠂ ᠡᠵᠠᠩᠨᠠᠯᠲᠠ ᠶᠢᠨ ᠭᠡᠪᠴᠢᠶ᠎ᠠ ᠲᠠᠢ ᠪᠠᠶᠢᠵᠤ᠂ ᠭᠤᠣᠯ ᠬᠠᠷᠢᠭᠤᠴᠡᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠤ᠂ ᠲᠠᠪᠠᠭᠤᠯᠢᠭ ᠢᠶᠠᠨ ᠪᠠᠳᠠᠷᠠᠭᠤᠯᠤᠨ᠂ ᠭᠤᠣᠯ ᠡᠵᠡᠩᠨᠡᠯᠲᠡ ᠶᠢᠨ ᠲᠣᠬᠠᠶᠢᠯᠬᠠᠰᠡᠨ ᠠᠵᠢᠯ ᠢᠶᠠᠨ ᠬᠦᠴᠦᠷᠬᠡᠭᠵᠢᠭᠦᠯᠵᠦ᠂ ᠵᠠᠬ᠎ᠠ ᠲᠡᠯᠭᠡᠭᠦᠷ ᠤᠨ ᠬᠤᠪᠢ ᠶᠢᠨ ᠲᠤᠭ᠎ᠠ ᠪᠠᠨ ᠥᠷᠭᠡᠳᠬᠡᠵᠦ᠂ ᠥᠪᠡᠷ ᠥᠪᠡᠷ ᠤᠨ ᠡᠵᠡᠩᠨᠡᠯᠲᠡ ᠶᠢᠨ ᠬᠦᠷᠢᠶᠡᠨ ᠳᠡᠭᠡᠨ ᠰᠢᠨ᠎ᠡ ᠰᠢᠪᠲᠦᠯᠤᠯᠲᠡ ᠭᠠᠷᠭᠠᠬᠤ ᠪᠠᠷ ᠴᠢᠷᠮᠠᠶᠢᠵᠤ ᠢᠷᠠᠵᠠᠢ ᠭᠡᠵᠦ ᠵᠢᠭᠠᠵᠦ ᠭᠠᠷᠭᠠᠬᠤ ᠶᠢᠨ ᠬᠠᠮᠲᠤ᠂ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠡᠭᠦᠷᠭᠡᠯᠡᠯ ᠬᠠᠷᠢᠭᠤᠴᠠᠯᠭ᠎ᠠ ᠶᠢ ᠬᠦᠢᠴᠡᠳ ᠢᠯᠡᠷᠡᠭᠦᠯᠵᠤ᠂ ᠠᠷᠦ ᠬᠤᠷᠴᠢᠨ ᠬᠤᠰᠢᠭᠤᠨ ᠤ ᠬᠡᠷᠡᠭᠴᠡᠭᠡ ᠱᠠᠭᠠᠷᠳᠠᠯᠭ᠎ᠠ᠂ ᠠᠵᠤ ᠠᠬᠤᠶᠢᠯᠡᠯ ᠤᠨ ᠬᠦᠴᠦᠨ ᠴᠢᠳᠠᠯ ᠳᠤ ᠰᠠᠭᠤᠷᠢᠯᠡᠨ᠂ ᠠᠵᠤ ᠦᠢᠯᠡᠰ ᠤᠨ ᠪᠦᠢᠵᠢᠭᠤᠯᠤᠯᠲᠠ᠂ ᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠵᠠᠰᠠᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠤᠯᠲᠡᠢ ᠲᠥᠯᠥᠪᠯᠠᠨ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠡᠶᠢᠲᠠᠢ ᠬᠥᠭᠵᠢᠯᠲᠠ ᠳᠤ ᠨᠡᠩ ᠣᠯᠠᠨ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠬᠦᠴᠦᠨ ᠴᠢᠳᠡᠯ ᠢ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠢ᠃ ᠲᠣᠬᠠᠶᠢᠯᠬᠠᠰᠡᠨ ᠠᠵᠢᠯ ᠤᠨ ᠴᠢᠳᠠᠪᠤᠷᠢ ᠪᠠᠨ ᠲᠡᠭᠡᠭᠰᠢᠯᠡᠭᠦᠯᠵᠤ᠂  ᠠᠵᠤ  ᠠᠬᠤᠶᠢᠯᠠᠯ   ᠤᠨ  ᠬᠠᠮᠢᠶᠠᠷᠤᠯᠲᠠ᠂ ᠺᠣᠮᠫᠠᠨᠢ ᠶᠢᠨ ᠡᠵᠡᠩᠨᠡᠯᠲᠠ᠂ ᠪᠡᠯᠠ ᠣᠷᠣᠭᠤᠯᠤᠯᠲᠠ ᠪᠡᠯᠠ ᠲᠣᠬᠢᠷᠠᠭᠤᠯᠭ᠎ᠠ ᠵᠡᠷᠭᠡ ᠲᠠᠯ᠎ᠡ ᠶᠢᠨ ᠰᠢᠨ᠎ᠠ ᠮᠡᠳᠡᠯᠭᠡ᠂ ᠰᠠᠶᠢᠨ ᠠᠷᠭ᠎ᠠ ᠬᠢᠳᠠᠯ ᠢ ᠨᠢᠭᠡ ᠰᠡᠳᠬᠢᠯ ᠢᠶᠠᠷ ᠰᠤᠷᠤᠯᠴᠠᠵᠤ᠂ ᠰᠢᠨ᠎ᠡ ᠵᠬᠠᠪᠣᠷ ᠢ ᠢᠳᠡᠪᠬᠢᠲᠡᠢ ᠰᠦᠪᠡᠭᠴᠢᠯᠠᠵᠤ᠂ ᠰᠢᠨ᠎ᠡ ᠵᠠᠬ᠎ᠠ ᠳᠡᠯᠭᠡᠭᠦᠷ ᠢ ᠦᠷᠭᠡᠳᠬᠡᠵᠦ᠂ ᠤᠯᠤᠰ ᠤᠨ ᠦᠮᠴᠢᠯᠡᠯᠲᠤ ᠠᠵᠦ ᠠᠬᠤᠶᠢᠯᠠᠯ ᠤᠨ ᠡᠵᠡᠩᠨᠡᠯᠲᠡ ᠶᠢᠨ ᠦᠷ᠎ᠡ ᠠᠰᠢᠭ ᠪᠣᠯᠣᠨ ᠬᠥᠭᠵᠢᠯᠲᠡ ᠶᠢᠨ ᠬᠢᠷᠢ ᠲᠦᠪᠰᠢᠨ ᠢ ᠲᠠᠰᠤᠷᠠᠯᠲᠡ ᠦᠭᠡᠢ ᠲᠡᠭᠡᠭᠰᠢᠯᠡᠭᠦᠯᠬᠦ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ  ᠴᠢᠩᠭᠠᠣᠡᠬᠠᠵᠤ᠂ ᠤᠷᠮᠠᠰᠢᠭᠤᠯᠵᠤ ᠬᠢᠵᠠᠭᠠᠷᠯᠠᠬᠤ᠂ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠵᠡᠷᠭᠡ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠰᠢᠯᠢᠳᠡᠭ ᠴᠢᠳᠠᠪᠤᠷᠢᠲᠡᠨ ᠢ ᠣᠷᠣᠭᠤᠯᠤᠨ ᠠᠪᠴᠢᠷᠠᠵᠤ ᠰᠢᠯᠢᠨ ᠲᠠᠪᠰᠢᠭᠦᠯᠬᠦ᠂ ᠬᠥᠮᠥᠵᠢᠭᠦᠯᠵᠤ ᠬᠡᠷᠡᠭᠯᠡᠬᠦ ᠵᠡᠷᠭᠡ ᠠᠵᠢᠯ ᠢ ᠯᠡᠪᠲᠠᠭᠤᠨ ᠪᠠᠲᠤᠲᠡᠢ ᠰᠡᠶᠢᠳᠤᠷ ᠬᠢᠵᠦ᠂ ᠢᠮᠠᠭᠲᠡ ᠦᠨᠳᠦᠷ ᠭᠡᠪ ᠪᠣᠯᠪᠠᠰᠤᠷᠠᠯ ᠪᠦᠬᠦᠢ ᠴᠢᠳᠡᠪᠣᠷᠢᠳᠡᠨ ᠤ ᠡᠩᠨᠡᠭᠡ  ᠶᠢ ᠬᠥᠴᠦᠯᠠᠨ ᠪᠠᠶᠢᠭᠤᠯᠬᠤ ᠬᠡᠷᠡᠭᠳᠠᠢ᠃ ᠨᠠᠮ ᠤᠨ ᠤᠳᠤᠷᠢᠳᠤᠯᠭ᠎ᠠ ᠶᠢ ᠪᠠᠷᠢᠮᠳᠡᠯᠠᠨ᠂ ᠨᠠᠮ ᠤᠨ ᠪᠠᠶᠢᠭᠤᠯᠤᠯᠲᠡ ᠶᠢᠨ ᠰᠠᠭᠤᠷᠢ ᠶᠢ ᠣᠯᠠᠮ ᠨᠢᠭᠡ ᠠᠯᠬᠤᠮ ᠪᠠᠳᠣᠣᠡᠬᠠᠵᠤ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠂ ᠳᠤᠳᠤᠭᠠᠳᠤ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠠᠵᠤ ᠠᠬᠤᠶᠢᠯᠡᠯ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃
       ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠪᠠᠶᠢᠩᠭᠤ ᠶᠢᠨ ᠲᠡᠳ᠋ ᠲᠠᠷᠤᠭ᠎ᠠ ᠵᠢᠶᠠ ᡁᠢ ᠬᠤᠩ᠂ ᠬᠤᠰᠢᠭᠤᠨ ᠵᠠᠰᠠᠭ ᠤᠨ ᠣᠷᠳᠤᠨ ᠤ ᠠᠯᠪᠠᠨ ᠭᠡᠷ᠂ ᠬᠥᠭᠵᠢᠬᠦᠯᠦᠯᠲᠡ ᠦᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠳᠣᠪᠴᠢᠶ᠎ᠡ᠂ ᠣᠷᠣᠨ ᠰᠠᠭᠤᠴᠠ ᠪᠠ ᠬᠤᠲᠡ ᠬᠦᠳᠡᠭᠡ ᠶᠢᠨ ᠪᠦᠳᠦᠭᠡᠨ ᠪᠠᠶᠢᠭᠤᠯᠤᠯᠲᠡ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭᠠᠨ  ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠢ  ᠰᠢᠭᠤᠢ  ᠡᠪᠡᠰᠤ  ᠪᠡᠯᠴᠢᠬᠡᠷ   ᠤᠨ  ᠲᠣᠪᠴᠢᠶ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠡ ᠶᠢᠨ ᠪᠦᠯᠦᠭᠯᠡᠯ᠂ ᠤᠯᠤᠰ ᠤᠨ ᠦᠮᠴᠢᠯᠡᠯᠲᠦ ᠡᠳ᠋ ᠬᠥᠷᠥᠩᠬᠡ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠪᠦᠯᠣᠭ᠍ᠯᠡᠯ ᠵᠢᠴᠢ ᠬᠠᠷᠢᠶ᠎ᠠ ᠬᠤᠪᠢᠶᠠᠷᠢ ᠬᠦ᠋ᠮᠫᠠᠨᠢ ᠶᠢᠨ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠲᠠ ᠵᠢᠴᠢ ᠶᠠᠷᠢᠯᠴᠠᠬᠤ ᠬᠤᠷᠠᠯ ᠳᠤ ᠣᠷᠣᠯᠴᠠᠪᠠ᠃ ︵ᠯᠠᠢ ᠬᠤᠸᠠᠨ ᠢᠤᠢ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号