ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠭᠤᠣ ᠰᠢ ᠬᠤᠸ᠋ᠨ ᠨᠠᠷ ᠠᠷᠤ ᠬᠤᠷᠴᠢᠨ ᠬᠤᠰᠢᠭᠤᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/7/19
       7 ᠰᠠᠷ᠎ᠠ ᠶᠢᠨ 18 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠭᠤᠣ ᠰᠢ ᠬᠤᠸᠠ ᠨᠠᠷ ᠠᠷᠤ ᠬᠤᠷᠴᠢᠨ ᠬᠤᠰᠢᠭᠤᠨ ᠳᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠢ ᠪᠠᠶᠢᠴᠠᠭᠠᠵᠤ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠵᠠᠩ ᠬᠤᠩ ᠰᠢᠨ᠂ ᠲᠡᠳ᠋ ᠡᠷᠭᠢᠯᠡᠭᠴᠢ ᠭᠥᠭᠡᠪᠠᠷᠰ᠂ ᠶᠠᠩ ᠾᠦᠢ ᠶᠠᠨ᠂  ᠵᠠᠩ ᠰᠢᠣᠢ ᠫᠸᠡᠭ  ᠪᠠᠶᠢᠴᠠᠭᠠᠨ  ᠰᠤᠳᠤᠯᠤᠯᠲᠠ   ᠳᠤ  ᠣᠷᠣᠯᠴᠠᠪᠠ᠃
       ᠭᠤᠣ ᠰᠢ ᠬᠤᠸᠠ ᠨᠠᠷ ᠤᠷᠢᠳ ᠬᠤᠵᠢᠳ ᠬᠠᠨ ᠠᠭᠤᠯᠠ ᠵᠡᠭᠡᠯᠢ ᠭᠤᠳᠣᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠲᠥᠯᠥᠭᠡᠯᠡᠭᠴᠢ ᠶᠢᠨ ᠭᠡᠷ︾᠂ ᠠᠷᠤ ᠬᠤᠷᠴᠢᠨ ᠬᠤᠰᠢᠭᠤᠨ ᠤ ᠬᠠᠤᠯᠢᠵᠢᠯ ᠤᠨ ᠤᠬᠠᠭᠤᠯᠭ᠎ᠠ ᠬᠥᠮᠥᠵᠢᠯ ᠤᠨ ᠰᠠᠭᠤᠷᠢᠨ ᠭᠠᠵᠠᠷ ᠪᠠᠶ᠋ᠬᠠᠦ᠋ᠡᠳᠣᠷ ᠰᠤᠮᠣ ᠶᠢᠨ ︽ᠣᠳᠣᠷ︾ ᠨᠠᠮ ᠤᠯᠡᠨ ᠲᠦᠮᠠᠨ ᠤ ᠦᠢᠯᠡᠴᠢᠯᠡᠭᠡᠨ ᠤ ᠲᠥᠪ ᠲᠤ ᠬᠦᠷᠴᠤ ᠪᠠᠶᠢᠴᠠᠭᠠᠨ ᠰᠢᠨᠵᠢᠯᠡᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠠᠷᠤ ᠬᠤᠷᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠢᠴᠢ ᠰᠠᠨᠠᠯ ᠰᠠᠨᠠᠭᠤᠯᠭ᠎ᠠ ᠶᠢ ᠰᠣᠨᠣᠰᠴᠠᠢ᠃
       ᠶᠠᠷᠢᠯᠴᠠᠬᠤ ᠬᠤᠷᠠᠯ ᠳᠡᠭᠡᠷ᠎ᠡ᠂ ᠭᠤᠤ ᠰᠢ ᠬᠤᠸᠠ ᠠᠷᠤ ᠬᠤᠷᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠥᠷᠨᠢᠭᠦᠯᠦᠭᠰᠡᠨ ᠪᠠᠶᠢᠲᠠᠯ ᠢ ᠭᠦᠢᠴᠡᠣᠨ ᠨᠤᠲᠠᠯᠠᠬᠤ ᠶᠢᠨ ᠬᠠᠮᠲᠤ᠂ ᠡᠨᠡ ᠵᠢᠯ ᠤᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠣᠯ ᠠᠵᠢᠯ᠂ ᠦᠨᠡᠡᠴᠢ ᠢᠳᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠠᠬᠢᠭᠤᠯᠤᠯᠲᠠ᠂ ᠪᠥᠬᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠬᠢ ᠪᠠᠶᠠᠯᠢᠭ ᠤᠨ ᠨᠢᠭᠡᠳᠦᠯᠲᠠᠢ ᠲᠥᠯᠥᠪᠵᠢᠭᠦᠯᠭᠡ ᠭᠤᠷᠪᠠᠨ ᠲᠠᠯ᠎ᠠ ᠪᠠᠷ ᠬᠤᠷᠠᠯ ᠳᠤ ᠣᠷᠣᠯᠴᠠᠭᠰᠠᠳ ᠲᠠᠢ ᠰᠠᠨᠠᠯ  ᠢᠶᠠᠨ ᠰᠣᠯᠢᠯᠴᠠᠨ ᠶᠠᠷᠢᠯᠴᠠᠵᠠᠢ᠃ ᠲᠡᠷᠡ ᠴᠢᠬᠤᠯᠠᠴᠢᠯᠠᠭᠰᠠᠨ ᠨᠢ᠂ ᠬᠤᠲᠠ ᠬᠤᠰᠢᠭᠤ ᠬᠤᠶᠠᠷ ᠱᠠᠳᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠠᠮᠵᠢᠯᠴᠠᠨ ᠬᠠᠮᠳᠤᠷᠠᠯᠴᠠᠬᠤ ᠪᠠᠨ ᠴᠢᠩᠭᠠᠳᠬᠠᠵᠤ᠂ ᠣᠨ ᠤ ᠠᠵᠢᠯ ᠤᠨ ᠲᠥᠯᠥᠪᠯᠡᠭᠡ ᠪᠠᠨ ᠵᠡᠷᠭᠡᠪᠡᠷ ᠲᠥᠯᠥᠪᠵᠢᠭᠦᠯᠵᠦ᠂ ᠭᠤᠣᠯᠲᠠᠯᠭ᠎ᠠ ᠲᠠᠢ ᠠᠵᠢᠯ ᠢ ᠵᠡᠷᠭᠡᠪᠡᠷ ᠨᠡᠶᠢᠲᠠᠪᠤᠷᠢᠵᠢᠭᠤᠯᠵᠤ᠂ ᠬᠢᠨᠠᠯᠲᠠ ᠪᠠᠶᠢᠴᠠᠭᠠᠯᠲᠠ ᠶᠢ ᠵᠡᠷᠭᠡᠪᠡᠷ ᠬᠠᠮᠵᠢᠯᠴᠠᠨ ᠬᠡᠷᠡᠭᠵᠢᠭᠦᠯᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠨᠢᠭᠡ ᠴᠤᠭᠴᠠᠵᠢᠭᠤᠯᠤᠨ ᠰᠢᠢᠳᠪᠦᠷᠢᠯᠡᠬᠦ ᠶᠢ ᠵᠡᠷᠭᠡᠪᠡᠷ ᠠᠬᠢᠭᠤᠯᠵᠤ᠂ ᠠᠵᠢᠯ ᠤᠨ ᠮᠡᠳᠡᠭᠡ ᠵᠠᠩᠭᠢ ᠶᠢ ᠵᠡᠷᠭᠡᠪᠡᠷ ᠨᠡᠪᠲᠡᠷᠡᠭᠦᠯᠵᠦ᠂ ᠠᠵᠢᠯ ᠤᠨ ᠲᠤᠷᠰᠢᠯᠭ᠎ᠠ ᠪᠠᠨ ᠲᠡᠯᠭᠡᠷᠡᠭᠦᠯᠬᠦ ᠶᠢ ᠵᠡᠷᠭᠡᠪᠡᠷ ᠰᠦᠪᠡᠭᠴᠢᠯᠠᠨ ᠠᠬᠢᠭᠤᠯᠬᠤ ᠬᠡᠷᠡᠭᠲᠡᠢ ᠭᠡᠵᠡᠢ᠃ ︵ᠴᠡᠯᠮᠡᠭ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号