ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠳᠡᠰ | | 2023 ᠣᠨ ᠤ 12 ᠰᠠᠷ᠎ᠠ ᠶᠢᠨ 31 ᠤ ᠡᠳᠦᠷ ᠪᠣᠯᠲᠡᠯᠠ᠂ ᠪᠥᠬᠦ ᠣᠷᠣᠨ ᠤ ᠲᠤᠮᠳᠠᠳᠤ ᠤᠯᠤᠰ ᠤᠨ ᠡᠪ | ᠬᠠᠮᠲᠤ ᠨᠠᠮ ᠤᠨ ᠭᠡᠰᠢᠭᠦᠨ ᠤ ᠶᠡᠷᠦᠩᠭᠡᠢ ᠲᠤᠭ᠎ᠠ ᠨᠢ 1783467 ᠪᠣᠯᠵᠠᠢ᠃ ᠨᠠᠮ ᠤᠨ ᠦᠨᠳᠦᠰᠦᠨ ᠱᠡᠳᠦᠨ ᠤ | ᠵᠣᠬᠢᠶᠠᠨ ᠪᠠᠶᠢᠭᠤᠯᠤᠯᠲᠡ ᠶᠢᠨ ᠶᠡᠷᠦᠩᠬᠡᠢ ᠲᠤᠭ᠎ᠠ 88626 ᠪᠣᠯᠵᠤ᠂ ᠡᠭᠦᠨ ᠳᠤ ᠥᠨᠳᠦᠰᠥᠨ ᠱᠠᠳᠦᠨ ᠤ ᠨᠠᠮ | ᠤᠨ ᠬᠤᠷᠢᠶ᠎ᠠ 5677᠂ ᠨᠠᠮ ᠤᠨ ᠶᠡᠷᠦᠩᠬᠡᠢ ᠡᠭᠦᠷ 4356᠂ ᠨᠠᠮ ᠤᠨ ᠡᠭᠦᠷ 78593 ᠪᠠᠶᠢᠨ᠎ᠠ᠃ | ᠨᠢᠭᠡ᠂ ᠨᠠᠮ ᠤᠨ ᠬᠡᠰᠢᠭᠦᠨ ᠤ ᠡᠩᠨᠡᠭᠡ ᠶᠢᠨ ᠪᠠᠶᠢᠳᠠᠯ | ᠨᠠᠮ ᠤᠨ ᠭᠡᠰᠢᠭᠦᠨ ᠤ ᠬᠦᠢᠰᠦ ᠶᠢᠨ ᠢᠯᠭᠠᠯ᠂ ᠦᠨᠳᠦᠰᠦᠲᠡᠨ ᠪᠠ ᠰᠤᠷᠤᠯᠭ᠎ᠠ ᠶᠢᠨ ᠨᠡᠮᠲᠡᠷ᠃ ᠡᠮᠡᠭᠲᠡᠢ ᠨᠠᠮ | ᠤᠨ ᠭᠡᠰᠢᠭᠦᠨ 582380 ᠪᠠᠶᠢᠵᠤ᠂ ᠨᠠᠮ ᠤᠨ ᠭᠡᠰᠢᠭᠦᠨ ᠤ ᠶᠡᠷᠦᠩᠬᠡᠢ ᠲᠣᠭᠠᠨ ᠤ 32.65% ᠶᠢ ᠡᠵᠡᠯᠡᠪᠡ︔ | ᠴᠥᠭᠡᠨ ᠲᠣᠭᠠᠲᠤ ᠦᠨᠳᠦᠰᠦᠲᠡᠨ ᠤ ᠨᠠᠮ ᠤᠨ ᠬᠡᠰᠢᠭᠦᠨ 441195 ᠪᠠᠶᠢᠵᠤ᠂ 24.74 % ᠶᠢ ᠡᠵᠡᠯᠡᠪᠡ︔ | ᠲᠡᠭᠡᠳᠦ ᠵᠡᠷᠭᠡ ᠶᠢᠨ ᠲᠤᠰᠬᠠᠢ ᠮᠡᠷᠭᠡᠵᠢᠯ ᠵᠢᠴᠢ ᠲᠡᠭᠦᠨ ᠠᠴᠠ ᠲᠡᠭᠡᠭᠰᠢᠬᠢ ᠰᠤᠷᠤᠯᠠᠨᠠ ᠶᠢᠨ ᠨᠡᠮᠲᠠᠷ ᠲᠠᠢ ᠨᠠᠮ ᠤᠨ | ᠭᠡᠰᠢᠭᠦᠨ 1096613 ᠪᠠᠶᠢᠵᠤ᠂ 61.49 % ᠶᠢ ᠡᠵᠡᠯᠡᠪᠡ᠃ | ᠨᠠᠮ ᠤᠨ ᠭᠡᠰᠢᠭᠦᠨ ᠤ ᠨᠠᠰᠤ ᠵᠢᠯ ᠤᠨ ᠲᠠᠯ᠎ᠠ ᠪᠠᠷ᠂ 35 ᠨᠠᠰᠤ ᠵᠢᠴᠢ ᠲᠡᠭᠦᠨ ᠠᠴᠠ ᠳᠤᠷᠣᠭᠰᠢᠬᠢ ᠨᠠᠮ | ᠤᠨ ᠭᠡᠰᠢᠭᠦᠨ 373524 ᠪᠠᠶᠢᠵᠤ᠂ ᠨᠠᠮ ᠤᠨ ᠭᠡᠰᠢᠭᠦᠨ ᠤ ᠪᠦᠬᠦ ᠲᠣᠭᠠᠨ ᠤ 20.94 % ᠶᠢ ᠡᠵᠡᠯᠡᠪᠡ᠃ | 61 ᠨᠠᠰᠤ ᠵᠢᠴᠢ ᠲᠡᠭᠦᠨ ᠠᠴᠠ ᠲᠡᠭᠡᠭᠰᠢᠬᠢ ᠨᠠᠮ ᠤᠨ ᠭᠡᠰᠢᠭᠦᠨ 470796 ᠪᠠᠶᠢᠵᠤ᠂ 26.40 % ᠶᠢ | ᠡᠵᠡᠯᠡᠪᠡ᠂᠃ | ᠨᠠᠮ ᠤᠨ ᠭᠡᠰᠢᠭᠦᠨ ᠤ ᠡᠷᠬᠢᠯᠡᠭᠰᠡᠨ ᠠᠵᠢᠯ ᠤᠨ ᠲᠠᠯ᠎ᠠ ᠪᠠᠷ᠂ ᠠᠯᠪᠠᠨ ᠦᠢᠯᠡᠴᠢᠯᠡᠭᠡ ᠶᠢᠨ ᠣᠷ᠎ᠠ | ᠮᠡᠷᠭᠡᠵᠢᠯ ᠤᠨ ᠠᠵᠢᠯᠲᠡᠨ 97112᠂ ᠲᠠᠷᠢᠶᠠᠴᠢᠨ ᠮᠠᠯᠴᠢᠨ ᠵᠢᠭᠠᠰᠤᠴᠢᠨ 404207᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠢᠴᠢ ᠲᠤᠰᠬᠠᠢ ᠮᠡᠷᠭᠡᠵᠢᠯ ᠤᠨ | ᠠᠵᠢᠯᠲᠠᠨ 531939᠂ ᠨᠠᠮ ᠵᠠᠰᠠᠭ ᠤᠨ ᠪᠠᠶᠢᠭᠤᠯᠭ᠎ᠠ ᠶᠢᠨ ᠠᠵᠢᠯᠲᠠᠨ 204765᠂ ᠰᠤᠷᠣᠭᠴᠢ 33062᠂ | ᠪᠤᠰᠤᠳ ᠠᠵᠢᠯ ᠮᠡᠷᠭᠡᠵᠢᠯ ᠤᠨ ᠠᠵᠢᠯᠲᠠᠨ 140698᠂ ᠠᠵᠢᠯ ᠠᠴᠠ ᠪᠠᠨ ᠠᠮᠠᠷᠠᠭᠰᠠᠳ ᠠᠵᠢᠯ ᠠᠴᠠ ᠪᠠᠨ | ᠲᠠᠷᠬᠠᠯᠠᠭᠳᠠᠭᠰᠠᠳ 371684 ᠪᠤᠢ᠃ | ᠬᠤᠶᠠᠷ᠂ ᠨᠠᠮ ᠤᠨ ᠭᠡᠰᠢᠭᠦᠨ ᠢ ᠡᠯᠰᠡᠭᠰᠡᠨ ᠪᠠᠶᠢᠳᠠᠯ | 2023 ᠣᠨ ᠳᠤ᠂ ᠪᠦᠬᠦ ᠣᠷᠣᠨ ᠳᠤ ᠨᠡᠶᠢᠲᠡ 40128 ᠨᠠᠮ ᠤᠨ ᠭᠡᠰᠢᠭᠦᠨ ᠡᠯᠰᠡᠪᠡ᠃ | ᠡᠯᠰᠡᠭᠰᠡᠨ ᠨᠠᠮ ᠤᠨ ᠭᠡᠰᠢᠭᠦᠨ ᠤ ᠬᠦᠢᠰᠦ ᠢᠯᠭᠠᠯ᠂ ᠦᠨᠳᠦᠰᠦᠲᠡᠨ᠂ ᠨᠠᠰᠤ ᠪᠠ ᠰᠤᠷᠤᠯᠭ᠎ᠠ ᠶᠢᠨ ᠨᠠᠮᠲᠠᠷ᠃ | ᠡᠮᠡᠭᠲᠡᠢ ᠨᠠᠮ ᠤᠨ ᠭᠡᠰᠢᠭᠦᠨ ᠢ 19625 ᠡᠯᠰᠡᠵᠦ᠂ ᠴᠦᠭᠡᠨ ᠲᠤᠭᠠᠲᠤ ᠦᠨᠳᠦᠰᠦᠲᠡᠨ ᠤ ᠨᠠᠮ ᠤᠨ ᠭᠡᠰᠢᠭᠦᠨ ᠢ | 10821 ᠡᠯᠰᠡᠵᠦ᠂ 35 ᠨᠠᠰᠤ ᠵᠢᠴᠢ ᠲᠡᠭᠦᠨ ᠠᠴᠠ ᠳᠣᠷᠤᠭᠰᠢᠬᠢ ᠨᠠᠮ ᠤᠨ ᠭᠡᠰᠢᠭᠦᠨ ᠢ 33245 ᠡᠯᠰᠡᠵᠦ᠂ | ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ | ᠲᠠᠢ ᠨᠠᠮ ᠤᠨ ᠭᠡᠰᠢᠭᠦᠨ ᠢ 24375 ᠡᠯᠰᠡᠵᠡᠢ᠃ | ᠡᠯᠰᠡᠭᠰᠡᠨ ᠨᠠᠮ ᠤᠨ ᠭᠡᠰᠢᠭᠦᠨ ᠤ ᠲᠤᠬᠠᠶᠢᠯᠠᠭᠰᠠᠨ ᠠᠵᠢᠯ᠃ | ᠠᠯᠪᠠᠨ ᠦᠢᠯᠡᠴᠢᠯᠡᠭᠡ ᠶᠢᠨ ᠤᠷ᠎ᠠ ᠮᠡᠷᠭᠡᠵᠢᠯ ᠤᠨ ᠠᠵᠢᠯᠲᠠᠨ 2651 ᠨᠡᠷᠡᠰ᠂ ᠮᠠᠯᠴᠢᠨ ᠲᠠᠷᠢᠶᠠᠴᠢᠨ | ᠵᠢᠭᠠᠰᠤᠴᠢᠨ 6353 ᠨᠡᠷᠡᠰ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠠᠮᠢᠶᠠᠷᠤᠯᠲᠠ ᠵᠢᠴᠢ ᠲᠤᠰᠬᠠᠢ ᠮᠡᠷᠭᠡᠵᠢᠯ ᠤᠨ ᠠᠵᠢᠯᠲᠠᠨ 12906 ᠨᠡᠷᠡᠰ᠂ ᠨᠠᠮ ᠵᠠᠰᠠᠭ ᠤᠨ | ᠪᠠᠶᠢᠭᠤᠯᠭ᠎ᠠ ᠶᠢᠨ ᠠᠵᠢᠯᠲᠠᠨ 3626 ᠨᠡᠷᠡᠰ᠂ ᠰᠤᠷᠤᠭᠴᠢ 13265 ᠨᠡᠷᠡᠰ᠂ ᠪᠣᠰᠣᠳ ᠠᠵᠢᠯ ᠮᠡᠷᠭᠡᠵᠢᠯ ᠤᠨ | ᠠᠵᠢᠯᠲᠠᠨ 1327 ᠨᠡᠷᠡᠰ ᠪᠣᠢ᠃ ᠦᠢᠯᠡᠳᠪᠦᠷᠢᠯᠡᠯ᠂ ᠠᠵᠢᠯ ᠤᠨ ᠡᠮᠦᠨ᠎ᠡ ᠹᠷᠤᠨᠲ ᠲᠤ 26589 ᠨᠡᠷᠡᠰ | ᠨᠠᠮ ᠤᠨ ᠭᠡᠰᠢᠭᠦᠨ ᠡᠯᠰᠡᠪᠡ᠃ | ᠭᠤᠷᠪᠠ᠂ ᠨᠠᠮ ᠤᠨ ᠳᠣᠲᠤᠭᠠᠳᠤ ᠶᠢᠨ ᠬᠦᠬᠢᠭᠦᠯᠦᠨ ᠱᠠᠩᠨᠠᠭᠰᠠᠨ ᠪᠠᠶᠢᠳᠠᠯ | 2023 ᠣᠨ ᠳᠤ ᠪᠦᠬᠦ ᠣᠷᠣᠨ ᠤ ᠡᠯ᠎ᠡ ᠱᠠᠲᠣᠨ ᠤ ᠨᠠᠮ ᠤᠨ ᠵᠣᠬᠢᠶᠠᠨ ᠪᠠᠶᠢᠭᠤᠯᠤᠯᠲᠠ ᠨᠡᠶᠢᠲᠡ | 1413 ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠦᠬᠢᠭᠦᠯᠦᠨ ᠱᠠᠩᠨᠠᠵᠤ᠂ | 5713 ᠰᠢᠯᠢᠳᠡᠭ ᠡᠪ ᠬᠠᠮᠲᠤ ᠨᠠᠮ ᠤᠨ ᠭᠡᠰᠢᠭᠦᠨ ᠢ ᠬᠦᠬᠢᠭᠦᠯᠦᠨ ᠱᠠᠩᠨᠠᠵᠤ᠂ 2581 ᠰᠢᠯᠢᠳᠡᠭ ᠨᠠᠮ ᠤᠨ | ᠠᠵᠢᠯᠲᠠᠨ ᠢ ᠬᠦᠬᠢᠭᠦᠯᠦᠨ ᠱᠠᠩᠨᠠᠪᠠ︔ ︽ᠨᠠᠮ ᠤᠨ ᠭᠡᠰᠢᠭᠦᠨ ᠪᠣᠯᠣᠭᠰᠠᠨ ᠢᠷᠠᠭᠤ ᠠᠯᠳᠠᠷᠲᠤ 50 ᠵᠢᠯ︾ ᠭᠡᠬᠦ | ᠳᠤᠷᠠᠰᠬᠠᠯ ᠤᠨ ᠲᠡᠮᠳᠡᠭ ᠢ ᠨᠡᠶᠢᠲᠡ 11575 ᠲᠠᠷᠬᠠᠭᠠᠪᠠ᠃ | ᠳᠥᠷᠪᠡ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠳᠠᠯ | ᠨᠠᠮ ᠤᠨ ᠣᠷᠣᠨ ᠨᠤᠲᠤᠭ ᠤᠨ ᠬᠤᠷᠢᠶ᠎ᠠ᠃ ᠪᠦᠬᠦ ᠣᠷᠣᠨ ᠳᠤ ᠨᠠᠮ ᠤᠨ ᠡᠯ᠎ᠡ ᠱᠠᠲᠤᠨ ᠤ ᠣᠷᠣᠨ | ᠨᠣᠲᠤᠭ ᠤᠨ ᠬᠤᠷᠢᠶ᠎ᠠ ᠨᠡᠶᠢᠲᠡ 116 ᠪᠠᠶᠢᠨ᠎ᠠ᠃ ᠡᠭᠦᠨ ᠳᠤ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | 1᠂ ᠠᠶᠢᠮᠠᠭ ᠬᠤᠲᠠ ᠶᠢᠨ ᠨᠠᠮ ᠤᠨ ᠬᠤᠷᠢᠶ᠎ᠠ 12᠂ ᠬᠤᠰᠢᠭᠤ ᠰᠢᠶᠠᠨ ︵ᠬᠤᠲᠠ᠂ ᠲᠤᠭᠤᠷᠢᠭ︶ ᠤ ᠨᠠᠮ ᠤᠨ | ᠬᠤᠷᠢᠶ᠎ᠠ 103 ᠪᠠᠶᠢᠨ᠎ᠠ᠃ | ᠬᠤᠲᠠ ᠶᠢᠨ ᠵᠡᠭᠡᠯᠢ ᠭᠤᠳᠤᠮᠵᠢ᠂ ᠰᠢᠶᠠᠩ ᠪᠠᠯᠭᠠᠰᠤ᠂ ᠨᠡᠶᠢᠭᠡᠮ ᠲᠣᠭᠤᠷᠢᠭ ︵ᠰᠠᠭᠤᠭᠠᠯᠢ ᠠᠷᠠᠳ ᠤᠨ | ᠵᠦᠪᠯᠡᠯ︶᠂ ᠵᠠᠰᠠᠭ ᠵᠠᠬᠢᠷᠭᠠᠨ ᠤ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ᠃ ᠪᠦᠬᠦ ᠣᠷᠣᠨ ᠤ 270 | ᠬᠤᠲᠠ ᠶᠢᠨ ᠵᠡᠭᠡᠯᠢ ᠭᠤᠳᠤᠮᠵᠢ᠂ 779 ᠰᠣᠮᠣ ᠰᠢᠶᠠᠩ ᠪᠠᠯᠭᠠᠰᠤ᠂ 2771 ᠨᠡᠶᠢᠭᠡᠮ ᠲᠣᠭᠤᠷᠢᠭ ︵ᠰᠠᠭᠤᠭᠠᠯᠢ | ᠠᠷᠠᠳ ᠤᠨ ᠵᠦᠪᠯᠡᠯ︶᠂ 11083 ᠭᠠᠴᠠᠭ᠎ᠠ ᠲᠤᠰᠬᠤᠨ ᠳᠤ ᠨᠠᠮ ᠤᠨ ᠵᠣᠬᠢᠶᠠᠨ ᠪᠠᠶᠢᠭᠤᠯᠤᠯᠲᠠ ᠲᠠᠢ ᠪᠣᠯᠪᠠ᠃ | ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠨᠠᠮ ᠤᠨ ᠵᠣᠬᠢᠶᠠᠨ ᠪᠠᠶᠢᠭᠤᠯᠤᠯᠲᠠ᠃ ᠪᠦᠬᠦ ᠣᠷᠣᠨ ᠳᠤ ᠪᠠᠶᠢᠭᠤᠯᠭ᠎ᠠ ᠶᠢᠨ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ 18884᠂ ᠠᠵᠢᠯ ᠦᠢᠯᠡᠰ ᠤᠨ ᠨᠢᠭᠡᠴᠢ ᠶᠢᠨ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ 20675᠂ ᠠᠵᠤ ᠠᠬᠤᠶᠢᠯᠠᠯ ᠤᠨ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ 23192᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ 2273 ᠪᠣᠢ᠃ | | ︵ᠲᠣᠳᠣᠷᠬᠠᠶᠢᠯᠠᠯᠲᠠ᠄ ᠲᠤᠰ ᠠᠯᠪᠠᠨ ᠮᠡᠳᠡᠭᠡ ᠶᠢᠨ ᠬᠡᠰᠡᠭ ᠨᠡᠶᠢᠲᠡ ᠲᠤᠭ᠎ᠠ ᠪᠣᠶᠤ ᠬᠠᠷᠢᠴᠠᠩᠭᠤᠢ ᠲᠤᠭ᠎ᠠ | ᠨᠢ ᠨᠢᠭᠡᠴᠢ ᠶᠢᠨ ᠰᠢᠯᠢᠯᠲᠡ ᠶᠢᠨ ᠠᠳᠠᠯᠢ ᠪᠣᠰᠤ ᠠᠴᠠ ᠪᠣᠯᠣᠭᠰᠠᠨ ᠪᠣᠳᠣᠯᠭ᠎ᠠ ᠶᠢᠨ ᠵᠦᠷᠢᠶ᠎ᠡ ᠳᠤ ᠴᠦᠮ ᠮᠧᠬᠠᠨᠢᠭ | ᠲᠣᠬᠢᠷᠠᠭᠤᠯᠤᠯᠲᠠ ᠬᠢᠭᠰᠡᠨ ᠦᠭᠡᠢ᠃︶ | | |