ᠬᠤᠰᠢᠭᠤᠨ ᠵᠠᠰᠠᠭ ᠤᠨ ᠣᠷᠳᠣᠨ ᠪᠣᠯᠣᠨ ᠤᠯᠤᠰ ᠤᠨ ᠪᠡᠯᠡ ᠤᠷᠤᠭᠤᠯᠤᠯᠲᠠ ᠶᠢᠨ ᠳᠤᠮᠳᠠᠳᠤ ᠤᠯᠤᠰ ᠤᠨ ᠡᠯᠧᠺᠲᠷᠣᠨ ᠢᠨᠵᠧᠨᠧᠷᠢᠩ ᠤᠨ ᠵᠢᠷᠤᠭ ᠲᠦᠯᠣᠪᠯᠡᠭᠡᠨ ᠤ ᠬᠦᠷᠢᠶᠡᠯᠠᠩ ᠤᠨ ᠬᠤᠪᠢ ᠣᠷᠣᠭᠤᠯᠤᠭᠰᠠᠨ ᠬᠢᠵᠠᠭᠠᠷᠳᠤ ᠺᠣᠮᠫᠠᠨᠢ ᠵᠣᠯᠭᠠᠭᠤᠯᠬᠤ ᠬᠤᠷᠠᠯ ᠭᠢᠪᠡ
ᠨᠡᠶᠢᠲᠡᠯᠡᠭᠰᠡᠨ ᠴᠠᠭ᠄
2024/7/23
       7 ᠰᠠᠷ᠎ᠠ ᠶᠢᠨ 20 ᠤ ᠡᠳᠦᠷ᠂ ᠠᠷᠦ ᠬᠤᠷᠴᠢᠨ ᠬᠤᠰᠢᠭᠤᠨ ᠤ ᠵᠠᠰᠠᠭ ᠤᠨ ᠣᠷᠳᠣᠨ ᠪᠣᠯᠣᠨ ᠤᠯᠤᠰ ᠤᠨ ᠪᠡᠯᠡ ᠣᠷᠤᠭᠤᠯᠤᠯᠲᠠ ᠶᠢᠨ ᠳᠤᠮᠳᠠᠳᠤ ᠤᠯᠤᠰ ᠤᠨ ᠡᠯᠧᠺᠲᠷᠣᠨ ᠢᠡᠵᠧᠨᠧᠷᠢᠩ ᠤᠨ ᠵᠢᠷᠤᠭ  ᠲᠦᠯᠣᠪᠯᠡᠭᠡᠨ ᠤ ᠬᠦᠷᠢᠶᠡᠯᠠᠩ ᠤᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠵᠣᠯᠭᠠᠭᠤᠯᠬᠤ ᠬᠤᠷᠠᠯ ᠬᠢᠵᠦ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠠᠷᠤᠭ᠎ᠠ ᠴᠧᠨ  ᠬᠤ᠋ ᠡᠨᠡ᠂ ᠤᠯᠤᠰ ᠤᠨ ᠪᠡᠯᠡ ᠣᠷᠣᠭᠤᠯᠤᠯᠲᠠ ᠶᠢᠨ ᠳᠤᠮᠳᠠᠳ᠋ᠲᠤ ᠤᠯᠤᠰ ᠤᠨ ᠡᠯᠧᠺᠲᠷᠣᠨ ᠢᠡᠵᠧᠨᠧᠷᠢᠩ ᠤᠨ ᠵᠢᠷᠤᠭ ᠲᠦᠯᠣᠪᠯᠡᠭᠡᠨ ᠤ ᠬᠦᠷᠢᠶᠡᠯᠡᠩ ᠤᠨ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠪᠣᠯᠣᠨ ᠪᠣᠬᠢᠷᠳᠦᠯ ᠦᠭᠡᠢ ᠬᠥᠭᠵᠢᠯᠲᠡ ᠶᠢ ᠦᠨᠡᠯᠡᠬᠦ ᠲᠥᠪ ᠤᠨ ᠲᠡᠭᠡᠳᠤ ᠲᠠᠰ ᠤᠨ ᠢᠨᠵᠧᠨᠧᠷ ᠰᠠᠩ ᠴᠥᠨ ᠬᠤᠷᠠᠯ ᠳᠤ ᠣᠷᠣᠯᠴᠠᠵᠠᠢ᠃        ᠬᠤᠷᠠᠯ ᠲᠡᠭᠡᠷ᠎ᠠ᠂ ᠰᠠᠩ ᠴᠥᠨ ᠠᠵᠤ ᠠᠬᠤᠶᠢᠯᠠᠯ ᠤᠨ ᠬᠥᠭᠵᠢᠯᠳᠠ ᠶᠢᠨ ᠪᠠᠶᠢᠳᠠᠯ ᠪᠣᠯᠣᠨ ᠲᠣᠬᠠᠶᠢᠯᠬᠠᠰᠡᠨ ᠠᠵᠢᠯ ᠤᠨ ᠬᠦᠷᠢᠶ᠎ᠡ ᠬᠡᠪᠴᠢᠶ᠎ᠡ ᠶᠢ ᠲᠠᠨᠢᠴᠠᠭᠤᠯᠵᠤ᠂ ᠬᠤᠷᠠᠯ ᠳᠤ ᠣᠷᠣᠯᠴᠬᠠᠰᠠᠤᠨ ᠡᠨᠧᠷᠬᠢ ᠶᠢ  ᠠᠰᠢᠡᠡᠯᠠᠬᠤ᠂ ᠪᠤᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ᠂ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠡ᠃
       ᠴᠧᠨ ᠬᠤ᠋ ᠡᠨᠡ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠤᠯᠤᠰ ᠤᠨ ᠪᠡᠯᠡ ᠣᠷᠣᠭᠤᠯᠣᠯᠳᠡ ᠶᠢᠨ ᠲᠤᠮᠳᠠᠲᠤ ᠤᠯᠤᠰ ᠤᠨ ᠡᠯᠧᠺᠲᠷᠣᠨ ᠢᠡᠵᠧᠨᠧᠷᠢᠩ ᠤᠨ ᠵᠢᠷᠤᠭ ᠲᠦᠯᠣᠪᠯᠡᠭᠡᠨ ᠤ ᠬᠦᠷᠢᠶᠡᠯᠠᠩ ᠤᠨ ᠬᠤᠪᠢ ᠣᠷᠤᠭᠤᠯᠤᠬᠠᠨ ᠬᠢᠵᠠᠭᠠᠷᠲᠤ ᠭᠦ᠋ᠮᠫᠠᠨᠨᠢ ᠶᠢ ᠪᠠᠶᠠᠷᠯᠠᠨ  ᠤᠭᠲᠤᠵᠤ  ᠪᠠᠶᠢᠬᠤ   ᠪᠠᠨ  ᠢᠯᠡᠣᠡᠭᠡᠪᠡ᠃ ᠲᠡᠷᠡ᠂ ᠤᠯᠤᠰ ᠤᠨ ᠪᠡᠯᠡ ᠣᠷᠣᠭᠤᠯᠣᠯᠳᠡ ᠶᠢᠨ ᠳᠤᠮᠳᠠᠳᠤ ᠤᠯᠤᠰ ᠤᠨ ᠡᠯᠧᠺᠲᠷᠤᠨ  ᠢᠡᠵᠧᠨᠧᠷᠢᠩ ᠤᠨ ᠵᠢᠷᠤᠭ ᠲᠥᠯᠥᠪᠯᠡᠭᠡᠨ ᠤ ᠬᠦᠷᠢᠶᠡᠯᠠᠩ ᠤᠨ ᠬᠤᠪᠢ ᠣᠷᠤᠭᠤᠯᠤᠬᠠᠨ ᠬᠢᠵᠠᠭᠠᠷᠲᠤ ᠺᠦ᠋ᠮᠫᠠᠨᠢ 1953 ᠣᠨ ᠳᠤ ᠪᠠᠶᠢᠭᠤᠯᠤᠭᠳᠠᠵᠤ᠂ ᠮᠠᠨ ᠤ ᠤᠯᠤᠰ ᠤᠨ ᠡᠯᠧᠺᠲᠷᠣᠨ ᠢᠨᠵᠧᠨᠧᠷᠢᠩ ᠤᠨ ᠮᠠᠷᠭᠡᠵᠢᠯ ᠤᠨ ᠦᠢᠯᠡᠴᠢᠯᠡᠭᠡᠨ ᠤ ᠬᠦᠷᠢᠶᠡᠨ ᠳᠠᠬᠢ ᠠᠩᠬᠠᠳ᠋ᠬᠠᠴᠢ ᠤᠯᠤᠰ ᠠᠴᠠ ᠮᠠᠭᠠᠳᠯᠠᠨ ᠲᠣᠡᠡᠳᠠᠭᠠᠡᠡᠰᠡᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠪᠠ ᠡᠯᠧᠺᠲᠷᠣᠨ ᠢᠡᠵᠧᠨᠧᠷᠢᠩ ᠤᠨ ᠵᠢᠷᠤᠭ  ᠲᠦᠯᠣᠪᠯᠡᠭᠡᠨ ᠤ ᠳᠠᠭᠠᠭᠤᠯᠤᠭᠴᠢ ᠠᠵᠤ ᠠᠬᠤᠶᠢᠯᠠᠯ ᠮᠥᠷᠲᠡᠭᠡᠨ ᠮᠡᠷᠭᠡᠵᠢᠯ ᠲᠡᠷᠢᠭᠦᠨ᠂ ᠪᠣᠳᠠᠲᠤ ᠬᠦᠴᠦᠨ ᠴᠢᠩᠭ᠎ᠠ ᠠᠵᠤ ᠠᠬᠤᠶᠢᠯᠠᠯ ᠪᠣᠯᠬᠤ ᠶᠤᠮ᠃ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ  ᠰᠣᠯᠢᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠰᠢᠨ᠎ᠡ ᠶᠢ ᠡᠭᠦᠣᠡᠬᠦ ᠲᠥᠪ ᠢ ᠰᠦᠪᠡᠭᠴᠢᠯᠡᠨ ᠪᠠᠶᠢᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠳᠪᠤᠷᠢ ᠶᠢᠨ ᠲᠤᠭᠠᠴᠢᠯᠡᠯᠲᠡ᠂ ᠡᠯᠧᠺᠲᠷᠣᠨ ᠠᠭᠤᠷᠬᠠᠢ᠂ ᠬᠦᠷᠢᠶᠡᠯᠡᠩ ᠲᠣᠭᠤᠷᠢᠭ ᠤᠨ ᠪᠤᠭᠢᠷᠳᠤᠯ ᠦᠭᠡᠢ ᠴᠠᠬᠢᠯᠭᠠᠨ᠂ ᠣᠶᠣᠡᠴᠢ ᠡᠨᠧᠷᠭᠢ ᠶᠢ ᠬᠡᠷᠡᠭᠯᠡᠬᠦ ᠨᠡᠭᠦᠷᠡᠰᠣᠳᠦ᠋ᠷᠣᠭ᠍ᠴᠢ  ᠪᠠᠭ᠎ᠠ ᠭᠠᠳ᠋ᠬᠠᠰᠢᠯᠠᠭᠤᠯᠬᠤ ᠮᠡᠷᠭᠡᠵᠢᠯ ᠢ ᠠᠰᠢᠡᠡᠯᠠᠬᠤ᠂ ᠰᠢᠨ᠎ᠡ ᠡᠨᠧᠷᠬᠢ ᠶᠢ ᠨᠡᠭᠡᠭᠡᠨ ᠠᠰᠢᠡᠡᠯᠠᠬᠤ ᠵᠢᠴᠢ ᠰᠢᠩᠭᠡᠭᠡᠨ ᠠᠪᠬᠤ ᠵᠡᠷᠭᠡ ᠪᠥᠬᠦ ᠲᠡᠯ᠎ᠠ ᠪᠠᠷ ᠬᠠᠮᠲᠤᠷᠠᠯᠴᠠᠵᠤ᠂ ᠡᠷᠦ ᠬᠤᠷᠴᠢᠨ ᠬᠤᠰᠢᠭᠤᠨ ᠤ ︽ᠰᠢᠨᠵᠢᠯᠡᠬᠦ ᠣᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠳᠣᠯᠬᠤ︾ ᠢᠡᠵᠧᠨᠧᠷᠢᠩ ᠢ ᠰᠠᠶᠢᠳᠦᠷ ᠬᠡᠷᠡᠭᠵᠢᠬᠦᠯᠬᠦ ᠳᠤ ᠬᠦᠴᠦᠨ ᠨᠡᠮᠡᠷᠢᠯᠡᠵᠤ᠂ ᠠᠷᠤ ᠬᠤᠷᠴᠢᠨ ᠬᠤᠰᠢᠭᠤᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠲᠠᠰᠣᠷᠡᠯᠳᠡ ᠦᠭᠡᠢ ᠰᠢᠨ᠎ᠡ ᠵᠠᠮ ᠢ ᠨᠡᠭᠡᠭᠡᠵᠦ᠂ ᠰᠢᠨ᠎ᠡ ᠬᠥᠳᠡᠯᠭᠡᠬᠦ ᠬᠦᠴᠦᠨ ᠢ ᠲᠥᠪᠯᠡᠷᠡᠭᠦᠯᠦᠨ᠎ᠡ ᠭᠡᠵᠡᠢ᠃ ᠰᠠᠩ ᠴᠥᠨ ᠠᠴᠠ᠂ ᠠᠷᠦ ᠬᠤᠷᠴᠢᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠡᠯᠪᠡᠭ ᠲᠠᠯᠪᠡᠭ᠂ ᠠᠵᠤ ᠦᠢᠯᠡᠰ ᠤᠨ ᠰᠠᠭᠤᠷᠢ ᠪᠠᠲᠤ ᠰᠠᠶᠢᠨ᠂ ᠬᠠᠮᠲᠤᠷᠠᠯᠴᠠᠭᠠᠨ ᠤ ᠣᠷᠣᠨ ᠵᠠᠢ ᠥᠷᠭᠡᠨ ᠠᠭᠤᠳᠠᠮ᠂ ᠺᠦ᠋ᠮᠫᠠᠨᠢ ᠠᠴᠠ ᠲᠣᠰ ᠪᠠᠶ᠎ᠡ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠣᠶᠠᠯᠳᠤᠯ ᠴᠡᠭ ᠪᠣᠯᠣᠨ ᠭᠠᠷᠳᠠᠴᠠ ᠴᠡᠭ ᠢ ᠣᠨᠣᠪᠴᠢᠲᠠᠢ ᠡᠷᠢᠨ ᠣᠯᠵᠤ᠂ ᠰᠢᠨᠵᠢᠯᠡᠬᠦ ᠣᠬᠠᠭᠠᠨ ᠮᠡᠷᠭᠡᠵᠢᠯ ᠤᠨ ᠡᠬᠢ ᠪᠠᠶᠠᠯᠢᠭ᠂ ᠰᠢᠨ᠎ᠡ ᠶᠢ ᠡᠭᠦᠳᠬᠦ ᠡᠯᠧᠮᠧᠨ᠋ᠲ ᠢ ᠠᠷᠤ ᠬᠤᠷᠴᠢᠨ ᠬᠤᠰᠢᠭᠤᠨ ᠳᠤ ᠲᠦᠪᠯᠡᠷᠡᠭᠦᠯᠬᠦ ᠶᠢ ᠦᠷᠭᠦᠯᠵᠢᠯᠡᠨ ᠠᠬᠢᠭᠤᠯᠵᠤ᠂ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ᠂ ᠰᠢᠨ᠎ᠡ ᠶᠢ ᠡᠭᠦᠳᠬᠦ ᠲᠣᠯᠭᠠᠭᠤᠷᠢᠯᠠᠯ ᠤᠨ ᠴᠡᠭ ᠢ ᠴᠢᠷᠮᠠᠶᠢᠨ ᠡᠭᠦᠳᠴᠤ᠂ ᠣᠷᠣᠨ ᠨᠣᠳᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠤ ᠵᠣᠬᠢᠬᠤ ᠬᠤᠪᠢ ᠨᠡᠮᠡᠷᠢ  ᠪᠠᠨ ᠦᠵᠡᠭᠦᠯᠣᠨ᠎ᠠ ᠭᠡᠵᠦ  ᠢᠯᠡᠣᠡᠭᠡᠪᠡ᠃        ᠬᠤᠰᠢᠭᠤᠨ ᠬᠥᠭᠵᠢᠭᠦᠯᠣᠯᠲᠡ ᠥᠭᠡᠷᠡᠴᠢᠯᠡᠯᠲᠡ ᠶᠢᠨ ᠵᠦᠪᠯᠡᠯ᠂ ᠠᠵᠦ ᠦᠢᠯᠡᠳᠪᠦᠷᠢ ᠮᠡᠳᠡᠭᠡ ᠵᠠᠩᠬᠢᠴᠢᠯᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠡ᠂ ᠬᠤᠳᠠᠯᠳᠤᠭᠠᠨ ᠤ ᠶᠠᠪᠤᠳᠠᠯ ᠪᠠ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号