2024 ᠣᠨ ᠤ ᠠᠷᠤ ᠬᠤᠷᠴᠢᠨ ᠬᠤᠰᠢᠭᠤᠨ ᠤ ︽ᠳᠤᠮᠳᠠᠳᠤ ᠤᠯᠤᠰ ᠤᠨ ᠵᠦᠩ ᠬᠤᠸᠠ ᠬᠤᠨᠳᠠᠭᠠᠲᠤ︾ ᠭᠠᠴᠠᠭ᠎ᠠ ᠲᠣᠰᠬᠤᠨ ᠤ ᠲᠠᠰ ᠤᠨ ᠰᠬᠠᠰᠣᠨ ᠪᠦᠮᠪᠦᠭᠡ ᠶᠢᠨ ᠬᠤᠯᠪᠣᠭᠠᠲᠤ ᠤᠷᠤᠯᠳᠤᠭᠠᠨ ᠡᠬᠢᠯᠡᠯ᠎ᠡ︕
ᠨᠡᠶᠢᠲᠡᠯᠡᠭᠰᠡᠨ ᠴᠠᠭ᠄
2024/7/24
       ᠳᠤᠮᠳᠠᠲᠤ ᠶᠢᠨ ᠦᠡᠳᠣᠰᠣᠳᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠵᠤ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠬᠥᠳᠡᠭᠡ ᠲᠣᠰᠬᠤᠨ ᠳᠤ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠠᠯᠠᠭᠤᠨ ᠥᠷᠨᠢᠯᠲᠠ ᠶᠢ ᠭᠠᠷᠭᠠᠵᠤ᠂ ᠪᠡᠶ᠎ᠡ ᠶᠢᠨ ᠲᠠᠮᠢᠷ ᠤᠨ ᠦᠢᠯᠡᠰ ᠤᠨ ᠬᠥᠳᠡᠭᠡ ᠲᠣᠰᠬᠤᠨ ᠢ ᠬᠥᠭᠵᠢᠭᠦᠯᠣᠨ ᠮᠠᠨᠳᠤᠭᠤᠯᠬᠤ ᠶᠢ ᠠᠬᠢᠭᠤᠯᠬᠤ ᠶᠢᠨ ᠲᠦᠯᠥᠭᠡ᠂  ᠤᠯᠠᠭᠠᠡᠬᠠᠳᠡ ᠬᠤᠲᠠ ᠶᠢᠨ ︽ᠭᠠᠴᠠᠭ᠎ᠠ ᠲᠣᠰᠬᠤᠨ ᠤ ᠣᠨᠴᠠᠯᠢᠭᠲᠤ ᠪᠡᠶ᠎ᠡ ᠶᠢᠨ ᠲᠠᠮᠢᠷ︾ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ 7 ᠰᠠᠷ᠎ᠠ ᠶᠢᠨ 23 ᠤ ᠡᠳᠦᠷ᠂ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ᠂ ᠠᠷᠦ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠪᠣᠯᠣᠨ ᠨᠢᠭᠡᠳᠦᠮᠠᠯ ᠹᠷᠣᠨᠲ ᠤᠨ ᠬᠡᠯᠳᠡᠰ ᠠᠴᠠ ᠭᠤᠣᠯᠯᠠᠨ ᠡᠷᠬᠢᠯᠠᠵᠤ᠂ ᠬᠤᠰᠢᠭᠤᠨ ᠰᠣᠶᠣᠯ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠰᠬᠠᠰᠣᠨ ᠪᠥᠮᠪᠦᠭᠡ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ᠂ ᠳᠤᠮᠳᠠᠳᠤ ᠤᠯᠤᠰ ᠤᠨ ᠵᠦᠩ ᠬᠤᠸᠠ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠠᠴᠠ ᠳᠡᠮᠵᠢᠭᠰᠡᠨ 2024 ᠣᠨ ᠤ ᠠᠷᠤ ᠬᠤᠷᠴᠢᠨ ᠬᠤᠰᠢᠭᠤᠨ ᠤ ︽ᠳᠤᠮᠳᠠᠳᠤ ᠤᠯᠤᠰ ᠤᠨ ᠵᠦᠩ ᠬᠤᠸᠠ ᠬᠤᠨᠳᠠᠭᠠᠲᠤ︾ ᠭᠠᠴᠠᠭ᠎ᠠ ᠲᠣᠰᠬᠤᠨ ᠤ ᠲᠠᠰ ᠤᠨ ᠰᠬᠠᠰᠣᠨ ᠪᠥᠮᠪᠦᠭᠡ ᠶᠢᠨ ᠬᠤᠯᠪᠣᠭᠠᠲᠤ ᠣᠷᠣᠯᠳᠤᠭᠠᠨ ᠱᠣᠣ ᠪᠠᠯᠭᠠᠰᠤᠨ ᠳᠤ ᠵᠢᠩᠬᠢᠨᠢ ᠪᠠᠷ ᠡᠬᠢᠯᠡᠵᠣ᠂ ᠦᠡᠳᠣᠰᠣᠳᠡᠨ ᠤ ᠪᠦᠯᠬᠦᠮᠳᠡᠯ ᠶᠠᠪᠤᠯᠴᠠᠭ᠎ᠠ ᠰᠣᠯᠢᠯᠴᠠᠭ᠎ᠠ ᠠᠭᠤᠰᠣᠯᠴᠠᠯ ᠢ ᠠᠬᠢᠭᠤᠯᠤᠭᠰᠠᠨ ᠰᠣᠶᠣᠯ ᠳᠠᠮᠢᠷ ᠤᠨ ᠥᠪᠡᠳᠡᠭᠰᠢ ᠨᠠᠶᠢᠷ ᠨᠢᠳᠦᠨ ᠡᠮᠣᠨ᠎ᠡ ᠳᠡᠯᠭᠡᠭᠳᠡᠯ᠎ᠡ᠃
       ᠡᠬᠢᠯᠡᠯᠲᠡ ᠶᠢᠨ ᠶᠣᠰᠤᠯᠠᠯ ᠰᠦᠷ ᠵᠢᠪᠬᠤᠯᠠᠩᠳᠤ ᠤᠯᠤᠰ ᠤᠨ ᠰᠦᠯᠲᠡ ᠳᠠᠭᠤᠤ ᠶᠢᠨ ᠠᠶᠠᠰ ᠲᠤᠮᠳᠠ ᠬᠥᠰᠢᠭᠡ ᠪᠠᠨ ᠰᠡᠬᠦᠵᠦ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂  ᠵᠠᠰᠠᠭ ᠤᠨ ᠣᠷᠳᠦᠨ ᠤ ᠳᠡᠳ᠋ ᠲᠠᠷᠤᠭ᠎ᠠ ᠸᠠᠩ ᠶᠤᠸᠠᠨ ᠪᠢᠨ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠨᠢᠭᠡᠳᠣᠮᠡᠯ ᠹᠷᠣᠨᠲ ᠤᠨ ᠬᠡᠯᠳᠡᠰ ᠤᠨ ᠲᠠᠷᠤᠭ᠎ᠠ ᠬᠠᠨ ᠵᠢᠶᠧ᠂ ᠬᠤᠰᠢᠭᠤᠨ  ᠵᠠᠰᠠᠭ ᠤᠨ ᠣᠷᠳᠣᠨ ᠤ ᠳᠡᠳ᠋ ᠲᠠᠷᠤᠭ᠎ᠠ ᠶᠢᠨ ᠨᠡᠷ᠎ᠡ ᠳᠤᠷᠠᠳᠤᠭᠳᠠᠭᠴᠢ ᠮᠦᠡᠭᠭᠦᠬᠠᠭᠤᠯᠡ ᠡᠬᠢᠯᠡᠯᠲᠠ ᠶᠢᠨ ᠶᠣᠰᠣᠯᠠᠯ ᠳᠤ ᠣᠷᠣᠯᠴᠠᠪ‌‍ᠠ᠋᠃
       ᠬᠤᠰᠢᠭᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠳᠠᠨ ᠡᠬᠢᠯᠡᠯᠲᠡ ᠶᠢᠨ ᠶᠣᠰᠣᠯᠠᠯ ᠢ ᠡᠷᠬᠢᠯᠡᠵᠦ᠂ ᠮᠦᠡᠭᠭᠦᠬᠠᠭᠤᠯᠡ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ᠃ ᠡᠯ᠎ᠡ ᠣᠷᠣᠯᠳᠤᠭᠠᠨ ᠳᠤ ᠣᠷᠣᠯᠴᠠᠬᠰᠠᠨ ᠲᠠᠮᠢᠷᠴᠢᠳ ᠤᠨ ᠲᠦᠯᠥᠭᠡᠯᠡᠭᠴᠢ᠂ ᠬᠢᠨ᠋ᠬᠠᠴᠢ ᠲᠠᠯᠠᠪᠠᠢ ᠳᠤ ᠣᠷᠣᠵᠤ ᠲᠠᠩᠭᠠᠷᠢᠡᠡᠯᠠᠪᠠ᠃
       ᠸᠠᠩ ᠶᠤᠸᠠᠨ ᠪᠢᠨ ᠣᠷᠤᠯᠳᠤᠭᠠᠨ ᠡᠬᠢᠯᠡᠭᠰᠡᠨ ᠢ ᠵᠠᠷᠯᠬᠠᠰᠡᠨ ᠤ ᠲᠠᠷᠠᠭ᠎ᠠ᠂ ᠱᠣᠣ ᠪᠠᠯᠭᠠᠰᠤ ᠶᠢᠨ ᠠᠯᠠᠱᠠ ᠭᠠᠴᠠᠭᠠᠨ ᠳᠤ ᠠᠩᠬᠠᠨ ᠤ ᠲᠠᠯᠠᠪᠤᠷ ᠣᠷᠣᠯᠳᠤᠭᠠᠨ ᠵᠢᠩᠬᠢᠨᠢ ᠪᠠᠷ ᠶᠠᠪᠤᠭᠳᠠᠪᠠ᠃        ᠣᠷᠤᠯᠳᠤᠭᠠᠨ ᠳᠤ ᠣᠷᠣᠯᠴᠬᠠᠰᠠᠤᠨ ᠤᠨ ᠪᠥᠮᠪᠦᠭᠡ ᠲᠠᠮᠵᠢᠭᠤᠯᠬᠤ᠂ ᠬᠤᠷᠢᠡᠡᠯᠠᠬᠤ᠂ ᠭᠡᠳᠡᠷᠭᠦ ᠳᠠᠭᠠᠷᠢᠬᠤ ᠁ ᠵᠠᠷᠭᠡ ᠭᠤᠶᠢᠳᠡ ᠰᠠᠶᠢᠬᠠᠨ ᠰᠬᠠᠰᠣᠨ ᠪᠥᠮᠪᠦᠭᠡ ᠨᠠᠭᠠᠳᠬᠤ ᠦᠢᠯᠡ ᠬᠥᠳᠡᠯᠭᠡᠬᠡᠨ ᠨᠢ ᠦᠵᠡᠭᠴᠢᠳ ᠤᠨ ᠤᠳᠬᠶᠢᠯᠠᠯ ᠪᠣᠯᠣᠨ ᠬᠠᠯᠠᠭᠤᠨ ᠠᠯᠠᠭ᠎ᠠ ᠲᠠᠰᠢᠯᠳᠡ ᠶᠢ ᠣᠯᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃
       ᠲᠣᠰ ᠤᠳᠠᠭᠠᠨ ᠤ ᠠᠷᠤ ᠬᠤᠷᠴᠢᠨ ᠬᠤᠰᠢᠭᠤᠨ ᠤ ︽ᠲᠤᠮᠳᠠᠳᠤ ᠤᠯᠤᠰ ᠤᠨ ᠵᠦᠩ ᠬᠤᠸᠠ ᠬᠤᠨᠳᠠᠭᠠᠲᠤ︾ ᠭᠠᠴᠠᠭ᠎ᠠ ᠲᠣᠰᠬᠤᠨ ᠤ ᠲᠠᠰ ᠤᠨ ᠰᠬᠠᠰᠣᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠨᠢ ᠡᠷᠡᠭᠦᠯ ᠮᠠᠨᠲᠤ ᠶᠢᠨ ᠣᠶᠢᠯᠠᠭᠠᠡᠡᠳᠠᠬᠤᠨ ᠢ ᠤᠯᠠᠮᠵᠢᠯᠠᠨ ᠳᠡᠯᠭᠡᠷᠡᠭᠦᠯᠵᠤ᠂ ᠪᠡᠶ᠎ᠡ ᠶᠢᠨ ᠲᠠᠮᠢᠷ ᠤᠨ ᠰᠣᠶᠣᠯ ᠢ ᠪᠠᠳᠠᠷᠠᠭᠤᠯᠤᠨ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠬᠦᠨᠵᠡᠭᠡᠢ ᠠᠭᠤᠰᠣᠯᠴᠠᠨ ᠬᠥᠭᠵᠢᠬᠦ ᠶᠢ ᠢᠳᠡᠪᠬᠢᠳᠡᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠤᠨ ᠬᠥᠭᠵᠢᠯᠲᠡ ᠮᠠᠨᠳᠤᠯᠲᠡ ᠶᠢ ᠬᠦᠴᠦᠲᠠᠢ ᠠᠬᠢᠭᠤᠯᠬᠤ ᠶᠢᠨ ᠲᠥᠯᠥᠭᠡ ᠶᠤᠮ᠃ ᠭᠠᠴᠠᠭ᠎ᠠ ᠲᠣᠰᠬᠤᠨ ᠤ ᠠᠵᠢᠯᠯᠠᠭ᠎ᠠ ᠪᠠᠷ ᠭᠠᠴᠠᠭ᠎ᠠ  ᠲᠣᠰᠬᠤᠨ ᠤ ᠰᠣᠶᠣᠯ ᠢ ᠬᠥᠭᠵᠢᠭᠦᠯᠵᠦ᠂ ᠭᠠᠴᠠᠭ᠎ᠠ ᠲᠣᠰᠬᠤᠨ ᠤ ᠰᠣᠶᠣᠯ ᠢᠶᠠᠷ ᠭᠠᠴᠠᠭ᠎ᠠ ᠲᠣᠰᠬᠤᠨ ᠤ ᠠᠵᠤ ᠦᠢᠯᠡᠰ ᠢ ᠲᠠᠶᠢᠴᠢᠯᠡᠨ᠂ ᠰᠬᠠᠰᠣᠨ ᠪᠥᠮᠪᠦᠭᠡ ᠶᠢᠨ ᠣᠷᠤᠯᠳᠤᠭᠠᠨ ᠤ ᠬᠠᠯᠠᠭᠤᠨ ᠥᠷᠨᠢᠯᠲᠠ ᠪᠠᠷ ᠠᠷᠦ ᠬᠤᠷᠴᠢᠨ ᠬᠤᠰᠢᠭᠤᠨ ᠤ ᠣᠨᠴᠠᠯᠢᠭᠲᠦ ᠪᠦᠲᠦᠭᠡᠭᠳᠡᠭᠦᠨ ᠢ ᠳᠡᠯᠭᠡᠷᠡᠭᠦᠯᠦᠨ ᠤᠬᠠᠭᠤᠯᠬᠤ ᠶᠢ ᠵᠣᠷᠢᠭᠰᠠᠨ ᠶᠤᠮ᠃
       ᠣᠶᠢᠷ᠎ᠠ ᠶᠢᠨ ᠵᠢᠯ ᠠᠴᠠ ᠨᠠᠭᠠᠰᠢ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠣᠶᠣᠯ ᠵᠢᠭᠤᠯᠴᠢᠯᠡᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠮᠳᠠᠲᠤ ᠶᠢᠨ ᠦᠨᠳᠦᠰᠤᠳᠠᠨ ᠤ ᠬᠠᠮᠲᠤ ᠶᠢᠨ ᠴᠤᠭᠴᠠ ᠶᠢᠨ ᠣᠬᠠᠮᠰᠡᠷ ᠢ ᠪᠠᠲᠤᠳᠬᠠᠬᠤ ᠪᠠᠷ ᠭᠤᠣᠯ ᠱᠣᠭᠤᠮ ᠪᠣᠯᠭᠠᠬᠤ ᠶᠢ ᠪᠠᠷᠢᠮᠲᠠᠯᠠᠨ᠂ ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠭᠦᠨᠵᠡᠭᠡᠢ ᠠᠭᠢᠭᠤᠯᠵᠤ᠂ ᠪᠡᠶ᠎ᠡ ᠶᠢᠨ ᠲᠠᠮᠢᠷ ᠢᠶᠠᠷ ᠰᠣᠶᠣᠯ ᠢ ᠮᠠᠨᠳᠤᠭᠤᠯᠤᠨ᠂ ᠪᠡᠶ᠎ᠡ ᠶᠢᠨ ᠲᠠᠮᠢᠷ ᠢᠶᠠᠷ ᠵᠢᠭᠤᠯᠴᠢᠯᠠᠯ ᠢ ᠠᠬᠢᠭᠤᠯᠬᠤ᠂ ᠵᠢᠭᠤᠯᠴᠢᠯᠠᠯ ᠢᠶᠠᠷ ᠦᠢᠯᠡᠳᠪᠦᠷᠢᠯᠡᠯ ᠢ ᠠᠬᠢᠭᠤᠯᠬᠤ ᠪᠠᠷ ᠳᠠᠮᠵᠢᠭᠤᠯᠤᠨ᠂ ︽ᠪᠣᠯᠪᠠᠰᠣᠨ ᠨᠤᠲᠤᠭ ᠤᠨ ᠰᠤᠷᠲᠠᠯ︾ ᠪᠣᠯᠣᠨ ︽ᠪᠣᠷᠣᠭᠵᠢᠭᠤᠨ ᠰᠠᠶᠢᠬᠠᠨ ᠦᠨᠳᠦᠰᠦᠲᠠᠨ ᠤ ᠬᠡᠪ ᠰᠤᠷᠲᠠᠯ︾ ᠤᠨ ᠨᠠᠷ᠎ᠡ ᠶᠢᠨ ᠬᠠᠭᠤᠳᠠᠰᠤ  ᠶᠢ ᠪᠢᠴᠢᠭᠯᠡᠭᠰᠡᠭᠡᠷ ᠢᠷᠡᠪᠡ᠃
       ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ 16 ᠤᠷᠤᠯᠳᠤᠭᠠᠨ ᠤ ᠲᠤᠭᠤᠷᠢᠭ ᠤᠨ 200 ᠭᠠᠷᠤᠢ ᠲᠤᠭᠤᠶᠢᠯᠠᠩ ᠤᠨ 2000 ᠭᠠᠷᠤᠢ ᠬᠥᠮᠥᠨ ᠣᠷᠣᠯᠴᠠᠵᠤ᠂ ᠲᠣᠰᠬᠤᠨ ᠤ ᠲᠠᠰ ᠤᠨ ᠬᠤᠯᠪᠣᠭᠠᠲᠤ ᠤᠷᠤᠯᠳᠤᠭᠠᠨ᠂ ᠡᠮᠦᠨᠠᠲᠤ ᠤᠮᠠᠷᠠᠲᠤ ᠶᠢᠨ ᠤᠷᠤᠯᠳᠤᠭᠠᠨ ᠤ ᠲᠣᠭᠤᠷᠢᠭ ᠤᠨ ᠰᠢᠢᠳᠪᠤᠷᠢᠲᠦ ᠣᠷᠤᠯᠳᠤᠭᠠᠨ ᠪᠣᠯᠣᠨ ᠬᠤᠰᠢᠭᠤᠨ ᠲᠠᠰ ᠤᠨ ᠰᠢᠢᠳᠪᠤᠷᠢᠲᠦ ᠣᠷᠤᠯᠳᠤᠭᠠᠨ ᠭᠡᠵᠦ ᠭᠤᠷᠪᠠᠨ ᠱᠠᠲᠦ ᠬᠤᠪᠢᠶᠠᠨ 15 ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠪᠣᠯᠣᠨ᠎ᠠ᠃ ︵ᠯᠠᠢ ᠴᠥᠨ ᠢᠦᠢ᠂ ᠴᠡᠯᠮᠡᠭ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号