| | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠴᠢᠨ᠋ᠬᠠᠰᠢᠳᠡ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ | ᠲᠡᠰ ᠲᠠᠪᠰᠢᠬᠦ ᠶᠢ ᠠᠬᠢᠭᠤᠯᠵᠤ᠂ ᠰᠦ ᠶᠢᠨ ᠦᠢᠯᠡᠰ ᠢ ᠬᠥᠭᠵᠢᠭᠦᠯᠥᠨ ᠮᠠᠨᠳᠤᠭᠤᠯᠬᠤ ᠶᠢ ᠠᠬᠢᠭᠤᠯᠤᠨ᠂ ᠥᠷᠭᠡᠨ | ᠤᠯᠠᠨ ᠮᠠᠯᠴᠢᠨ ᠲᠦᠮᠡᠨ ᠤ ᠠᠳᠠᠯ ᠦᠢᠯᠡᠰ ᠴᠤᠭᠴᠠᠯᠠᠨ ᠣᠷᠣᠯᠭ᠎ᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ | ᠲᠠᠶᠢᠴᠢᠯᠠᠬᠤ ᠶᠢᠨ ᠲᠥᠯᠥᠭᠡ᠂ ︽2024 ᠤᠨ ᠤ ᠠᠷᠤ ᠬᠤᠷᠴᠢᠨ ᠬᠤᠰᠢᠭᠤᠨ ᠤ ︿ᠳᠤᠮᠳᠠᠳᠤ ᠤᠯᠤᠰ ᠤᠨ | ᠵᠦᠩ ᠬᠤᠸᠠ ᠬᠤᠨᠳᠠᠭᠠᠲᠤ﹀ ᠭᠠᠴᠠᠭ᠎ᠠ ᠲᠣᠰᠬᠤᠨ ᠤ ᠲᠠᠰ ᠤᠨ ᠰᠠᠭᠰᠤᠨ ᠪᠥᠮᠪᠦᠭᠡ ᠶᠢᠨ ᠬᠤᠯᠪᠣᠭᠠᠲᠤ | ᠣᠷᠣᠯᠳᠤᠭᠠᠨ ᠤ ᠬᠡᠷᠡᠭᠵᠢᠭᠦᠯᠬᠦ ᠲᠦᠰᠣᠯ︾ ᠪᠠ ︽ᠠᠩᠬᠢᠯᠤᠮ᠎ᠡ ᠰᠦ︾ ᠠᠷᠤ ᠬᠤᠷᠴᠢᠨ ᠬᠤᠰᠢᠭᠤᠨ ᠤ | ᠳᠠᠪᠤᠳᠤᠭᠠᠷ ᠬᠤᠭᠤᠴᠠᠭᠠᠨ ᠤ ᠴᠠᠭᠠᠨ ᠢᠳᠡᠭᠡᠨ ᠤ ᠰᠣᠶᠣᠯ ᠤᠨ ᠨᠠᠶᠢᠷ ᠤᠨ ᠱᠠᠭᠠᠷᠳᠠᠯᠭ᠎ᠠ ᠶᠣᠰᠤᠭᠠᠷ 7 ᠰᠠᠷ᠎ᠠ ᠶᠢᠨ | 23 ᠤ ᠡᠳᠦᠷ᠂ ᠱᠤᠣ ᠪᠠᠯᠭᠠᠰᠤ ᠤᠯᠠᠮᠵᠢᠯᠠᠯᠲᠤ ᠴᠠᠭᠠᠨ ᠢᠲᠡᠭᠡᠨ ᠤ ᠠᠳᠠᠯᠢᠣᠡᠬᠠᠨ ᠰᠢᠯᠭᠠᠷᠠᠭᠤᠯᠬᠤ ᠣᠷᠤᠯᠳᠤᠭᠠᠨ | ᠵᠢᠴᠢ ᠲᠡᠯᠭᠡᠨ ᠪᠣᠷᠤᠯᠠᠭᠤᠯᠬᠤ ᠠᠵᠢᠯᠯᠠᠭ᠎ᠠ ᠥᠷᠨᠢᠭᠦᠯᠪᠠ᠃ | | | | ᠲᠣᠰ ᠤᠳᠠᠭᠠᠨ ᠤ ᠣᠷᠣᠯᠳᠤᠭᠠᠨ ᠳᠤ ᠪᠥᠬᠦ ᠪᠠᠯᠭᠠᠰᠤ ᠠᠴᠠ ᠢᠷᠡᠭᠰᠡᠨ 9 ᠰᠠᠭᠠᠯᠢ ᠶᠢᠨ ᠦᠢᠯᠡᠰ ᠤᠨ | ᠡᠷᠦᠭᠡ ᠥᠪᠡᠷ ᠥᠪᠡᠷ ᠤᠨ ᠴᠠᠭᠠᠨ ᠢᠳᠡᠭᠡᠨ ᠤ ᠪᠦᠲᠦᠭᠡᠭᠳᠡᠬᠦᠨ ᠢᠶᠠᠷ ᠢᠶᠠᠨ ᠣᠷᠤᠯᠳᠤᠭᠠᠨ ᠳᠤ ᠣᠷᠤᠯᠴᠠᠵᠤ᠂ | ᠬᠤᠰᠢᠭᠤ ᠪᠠᠯᠭᠠᠰᠤ ᠶᠢᠨ ᠣᠳᠣᠷᠢᠣᠡᠬᠤ ᠺᠠᠳ᠋ᠷ ᠵᠢᠴᠢ ᠲᠤᠬᠠᠢ ᠶᠢᠨ ᠲᠠᠯᠠᠪᠤᠷ ᠤᠨ ᠦᠵᠡᠭᠴᠢᠳ ᠢᠶᠠᠷ ᠪᠦᠷᠢᠯᠳᠦᠭᠰᠡᠨ | ᠰᠢᠯᠭᠠᠷᠠᠭᠤᠯᠬᠤ ᠺᠣᠮᠢᠰ ᠤᠨ ᠨᠡᠷ᠎ᠡ ᠲᠡᠮᠲᠡᠭᠯᠡᠬᠦ ᠦᠭᠡᠢ ᠪᠢᠯᠧᠲ ᠦᠭᠬᠦ ᠬᠡᠯᠪᠡᠷᠢ ᠶᠢᠨ ᠡᠷᠭᠡ ᠲᠡᠭᠰᠢ᠂ ᠲᠥᠪ | ᠭᠤᠣᠯᠴᠢ ᠰᠢᠯᠭᠠᠷᠠᠭᠤᠯᠤᠯᠳᠠ ᠪᠠᠷ ᠳᠠᠮᠵᠢᠨ ᠬᠤᠯᠪᠣᠭ᠎ᠠ ᠭᠠᠴᠠᠭ᠎ᠠ ᠶᠢᠨ ᠰᠠᠷᠠᠭᠤᠯ ᠨᠢᠭᠡᠳᠦᠭᠡᠷ ᠲᠤ᠂ ᠪᠠᠶ᠋ᠬᠠᠦ᠋ᠡᠳᠣᠷ | ᠭᠠᠴᠠᠭ᠎ᠠ ᠶᠢᠨ ᠬᠠᠰᠳᠡᠨᠠ ᠬᠤᠶᠠᠳᠤᠭᠠᠷ ᠲᠤ᠂ ᠠᠡᠡᠳᠠᠡᠳᠠᠯᠠ ᠭᠠᠴᠠᠭ᠎ᠠ ᠶᠢᠨ ᠥᠷᠡᠵᠢᠮᠢᠰ ᠭᠤᠷᠪᠠᠳᠣᠭᠠᠷ ᠲᠤ | ᠲᠣᠳᠣᠷᠠᠵᠠᠢ᠃ | | | | ᠲᠣᠰ ᠤᠳᠠᠭᠠᠨ ᠤ ᠣᠷᠣᠯᠳᠤᠭᠠᠨ ᠨᠢ ᠭᠠᠵᠠᠷ ᠣᠷᠣᠨ ᠤ ᠣᠨᠴᠠᠯᠢᠭᠲᠤ ᠪᠦᠲᠦᠭᠡᠭᠳᠡᠬᠦᠨ ᠢ ᠪᠤᠷᠤᠯᠠᠭᠤᠯᠤᠨ | ᠬᠦᠢᠯᠭᠡᠭᠡᠬᠦ ᠵᠠᠮ ᠢ ᠥᠷᠭᠡᠳᠬᠡᠨ᠂ ᠪᠦᠬᠦ ᠪᠠᠯᠭᠠᠰᠣᠨ ᠤ ᠴᠠᠭᠠᠨ ᠢᠳᠡᠭᠡᠨ ᠤ ᠦᠢᠯᠠᠰ ᠤᠨ ᠡᠷᠦᠭᠡ ᠳᠤ ᠬᠠᠷᠢᠯᠴᠠᠨ | ᠰᠤᠷᠤᠯᠴᠠᠬᠤ ᠰᠣᠯᠢᠯᠴᠠᠭᠠᠨ ᠤ ᠲᠠᠪᠴᠠᠩ ᠢ ᠪᠠᠶᠢᠭᠤᠯᠤᠨ ᠥᠭᠴᠦ᠂ ᠠᠵᠤ ᠦᠢᠯᠡᠰ ᠤᠨ ᠬᠡᠯᠬᠢᠶ᠎ᠡ ᠶᠢ | ᠣᠷᠳᠤᠳᠬᠠᠬᠤ ᠪᠠ ᠬᠡᠯᠪᠡᠷᠢ ᠶᠢ ᠬᠤᠪᠢᠷᠠᠭᠤᠯᠤᠨ ᠲᠠᠰ ᠲᠠᠪᠰᠢᠬᠦᠯᠬᠦ ᠳᠤ ᠰᠢᠨ᠎ᠡ ᠶᠢ ᠡᠭᠦᠳᠴᠦ᠂ ᠱᠤᠤ ᠪᠠᠯᠭᠠᠰᠤ | ᠶᠢᠨ ᠴᠠᠭᠠᠨ ᠢᠳᠡᠭᠡᠨ ᠤ ᠦᠢᠯᠡᠰ ᠤᠨ ᠴᠢᠨᠠᠷ ᠰᠠᠶᠢᠲᠠᠢ᠂ ᠲᠥᠷᠥᠯ ᠲᠡᠮᠲᠡᠭᠵᠢᠭᠰᠡᠨ ᠬᠥᠭᠵᠢᠯᠲᠡ ᠪᠣᠯᠣᠨ | ᠮᠠᠯᠴᠢᠳ ᠤᠨ ᠠᠵᠤ ᠦᠢᠯᠡᠰ ᠤᠨ ᠣᠷᠣᠯᠭ᠎ᠠ ᠶᠢᠨ ᠨᠡᠮᠡᠭᠳᠡᠯ ᠤᠨ ᠰᠠᠭᠤᠷᠢ ᠶᠢ ᠪᠠᠲᠤᠳᠬᠠᠵᠤ᠂ ᠬᠥᠳᠡᠭᠡ ᠲᠣᠰᠬᠤᠨ | ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠤᠨ ᠪᠣᠳᠠᠲᠠᠶᠢᠵᠢᠭᠤᠯᠤᠭᠰᠠᠨ ᠪᠠᠶᠢᠨ᠎ᠠ᠃ | | ᠴᠢᠮᠡᠭᠡᠯᠡᠭᠴᠢ᠄ ᠶᠢᠨ ᠬᠤᠸᠠ | | | | | | |