ᠠᠷᠦ ᠬᠤᠷᠴᠢᠨ ᠬᠤᠰᠢᠭᠤ ᠪᠣᠳᠠᠰ ᠤᠨ ᠪᠤᠰᠤ ᠰᠣᠶᠣᠯ ᠤᠨ ᠥᠪ᠂ ᠰᠣᠶᠣᠯ ᠵᠢᠭᠤᠯᠴᠢᠯᠠᠯ ᠰᠣᠶᠣᠯ ᠤᠨ ᠡᠭᠦᠳᠦᠯᠲᠠ ᠶᠢᠨ ᠪᠦᠲᠦᠭᠡᠭᠳᠡᠬᠦᠨ ᠤ ᠲᠠᠯᠭᠡᠨ ᠦᠵᠡᠭᠦᠯᠭᠡ ᠡᠷᠬᠢᠯᠡᠪᠡ
ᠨᠡᠶᠢᠲᠡᠯᠡᠭᠰᠡᠨ ᠴᠠᠭ᠄
2024/7/25
       ᠳᠤᠮᠳᠠᠲᠤ ᠶᠢᠨ ᠰᠢᠯᠢᠳᠡᠭ ᠤᠯᠠᠮᠵᠢᠯᠡᠯᠲᠤ ᠰᠣᠶᠣᠯ ᠢ ᠪᠠᠳᠠᠷᠠᠭᠤᠯᠵᠤ᠂ ᠠᠷᠦ ᠬᠤᠷᠴᠢᠨ ᠬᠤᠰᠢᠭᠤᠨ ᠤ ᠰᠣᠶᠣᠯ ᠵᠢᠭᠤᠯᠴᠢᠯᠠᠯ ᠢ ᠠᠭᠤᠰᠣᠯᠴᠠᠭᠤᠯᠣᠨ ᠬᠥᠭᠵᠢᠭᠦᠯᠦᠭᠰᠠᠨ ᠰᠢᠨ᠎ᠡ ᠦᠷ᠎ᠡ ᠪᠦᠲᠦᠭᠡᠯ ᠢ ᠪᠦᠬᠦ ᠲᠠᠯ᠎ᠠ ᠪᠠᠷ ᠣᠬᠠᠭᠤᠯᠣᠨ ᠲᠡᠯᠭᠡᠨ ᠦᠵᠡᠭᠦᠯᠬᠦ ᠶᠢᠨ ᠲᠦᠯᠥᠭᠡ᠂ ᠠᠷᠤ ᠬᠤᠷᠴᠢᠨ ᠬᠤᠰᠢᠭᠤ ︽ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠵᠤ᠂ ᠲᠡᠦᠬᠡᠲᠦ ᠰᠣᠶᠣᠯ ᠤᠨ ᠥᠪ ᠢᠶᠠᠨ ᠵᠠᠯᠭᠠᠮᠵᠢᠯᠠᠨ ᠬᠥᠭᠵᠢᠭᠦᠯᠵᠤ᠂ ᠰᠢᠨ᠋᠎ᠡ ᠣᠨ ᠤ ᠰᠢᠵᠢᠷ ᠬᠠᠭᠤᠳᠡᠰᠤ ᠶᠢ ᠪᠢᠴᠢᠭᠯᠡᠶ᠎ᠡ︾ ᠪᠣᠳᠠᠰ ᠤᠨ ᠪᠣᠰᠤ ᠰᠣᠶᠣᠯ ᠤᠨ ᠥᠪ᠂ ᠰᠣᠶᠣᠯ ᠵᠢᠭᠤᠯᠴᠢᠯᠠᠯ ᠰᠣᠶᠣᠯ ᠤᠨ ᠡᠭᠦᠳᠣᠯᠲᠠ ᠶᠢᠨ ᠪᠦᠳᠣᠭᠡᠭᠳᠡᠭᠦᠨ ᠢ ᠲᠠᠯᠭᠡᠨ ᠦᠵᠡᠭᠦᠯᠬᠦ ᠠᠵᠢᠯᠯᠠᠭ᠎ᠠ ᠡᠷᠬᠢᠯᠡᠪᠡ᠃
       ᠠᠵᠢᠯᠯᠠᠭ᠎ᠠ ᠶᠢᠨ ᠲᠤᠬᠠᠢ ᠶᠢᠨ ᠲᠠᠯᠡᠪᠠᠢ ᠳᠤ᠂ ᠵᠠᠭᠤ ᠭᠠᠷᠤᠢ ᠵᠦᠢᠯ ᠤᠨ ᠲᠥᠯᠥᠭᠡᠯᠡᠬᠦ ᠴᠢᠨᠠᠷᠲᠠᠢ ᠪᠣᠳᠠᠰ  ᠤᠨ ᠪᠣᠰᠤ ᠰᠣᠶᠣᠯ ᠤᠨ ᠥᠪ ᠤᠨ ᠲᠥᠷᠥᠯ ᠵᠦᠢᠯ᠂ ᠲᠠᠷᠢᠶᠠᠯᠠᠩ ᠤᠨ ᠪᠦᠲᠦᠭᠡᠭᠳᠡᠬᠦᠨ᠂ ᠭᠠᠷ ᠤᠷᠠᠯᠠᠯ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠲᠣᠭᠤᠷᠢᠨ ᠦᠵᠡᠭᠴᠢᠳ ᠤᠨ ᠪᠠᠭ᠋ᠠᠷᠬᠠᠯ ᠢ ᠲᠡᠳᠡᠨ᠎ᠠ᠃ ᠲᠣᠰ ᠤᠳᠠᠭᠠᠨ  ᠤ ᠲᠡᠯᠭᠡᠨ ᠦᠵᠡᠭᠦᠯᠭᠡ ᠨᠢ 7 ᠰᠠᠷ᠎ᠠ ᠶᠢᠨ 20 ᠤ ᠡᠳᠦᠷ ᠠᠴᠠ 26 ᠤ ᠡᠳᠦᠷ ᠪᠣᠯᠲᠠᠯ᠎ᠠ᠂ ᠲᠢᠶᠠᠨ ᠶᠤᠸᠠᠨ ᠪᠡᠶ᠎ᠡ  ᠶᠢᠨ ᠲᠠᠮᠢᠷ ᠤᠨ ᠣᠷᠳᠣᠨ ᠤ ᠪᠠᠷᠠᠭᠤᠨ ᠲᠠᠯ᠎ᠠ ᠶᠢᠨ ᠬᠤᠶᠢᠲᠤ ᠲᠡᠷᠭᠡᠨ ᠵᠣᠡᠡᠰᠣᠭᠠᠯ ᠳᠤ ᠶᠠᠪᠤᠡᠡᠳᠠᠨ᠎ᠠ᠃  
             ᠠᠷᠤ ᠬᠤᠷᠴᠢᠨ ᠤ ᠬᠤᠪᠴᠠᠰᠤ ᠵᠠᠰᠠᠯ ᠤᠨ ᠬᠤᠰᠢᠭᠤᠨ ᠲᠠᠰ ᠤᠨ ᠤᠯᠠᠮᠵᠢᠯᠠᠭᠴᠢ ᠰᠡᠴᠠᠡᠭᠦᠤ ᠠᠴᠠ᠂ ᠲᠠᠯᠭᠡᠨ ᠦᠵᠡᠭᠦᠯᠭᠡ ᠶᠢᠨ ᠠᠵᠢᠯᠯᠠᠭ᠎ᠠ ᠨᠢ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ  ᠵᠠᠯᠭᠠᠮᠵᠢᠯᠠᠬᠤ ᠪᠠ ᠲᠤᠷᠰᠢᠯᠭ᠎ᠠ ᠪᠠᠨ ᠰᠣᠯᠢᠯᠴᠠᠬᠤ᠂ ᠡᠭᠦᠳᠦᠯᠲᠠ ᠶᠢᠨ ᠪᠦᠳᠦᠭᠡᠭᠳᠡᠬᠦᠨ ᠢᠶᠠᠨ ᠰᠣᠯᠢᠯᠴᠠᠬᠤ ᠳᠤ ᠮᠠᠰᠢ ᠰᠠᠶᠢᠨ ᠲᠣᠬᠢᠶᠠᠯ ᠤᠯᠭᠤᠡᠡᠰᠡᠨ ᠮᠦᠷᠳᠡᠭᠡᠨ ᠵᠣᠬᠢᠬᠤ ᠠᠵᠤ ᠠᠬᠤᠢ ᠶᠢᠨ ᠣᠷᠣᠯᠭ᠎ᠠ ᠣᠯᠵᠠᠢ ᠬᠡᠪᠡ᠃ ᠳᠡᠮᠡᠬᠢᠨ ᠬᠠᠪᠳᠠᠭ᠎ᠠ ᠬᠢᠬᠦ ᠤᠷ᠎ᠠ ᠮᠡᠷᠭᠡᠵᠢᠯ ᠤᠨ ᠬᠤᠲᠠ ᠶᠢᠨ ᠲᠠᠰ ᠤᠨ ᠤᠯᠠᠮᠵᠢᠯᠠᠭᠴᠢ ᠪᠤᠤ ᠶᠢᠨ ᠬᠤᠸᠠ ᠠᠴᠠ᠂ ᠲᠣᠰ ᠤᠳᠠᠭᠠᠨ ᠤ ᠳᠡᠯᠭᠡᠨ ᠦᠵᠡᠭᠦᠯᠭᠡ ᠨᠢ ᠪᠢᠳᠠᠨ ᠳᠤ ᠪᠤᠰᠤᠳ ᠤᠨ ᠪᠦᠲᠦᠭᠡᠭᠳᠡᠬᠦᠨ ᠢ ᠦᠵᠡᠵᠦ ᠰᠤᠨᠢᠷᠬᠠᠨ ᠬᠠᠷᠢᠯᠴᠠᠨ ᠰᠤᠷᠤᠯᠴᠠᠬᠤ ᠰᠠᠶᠢᠨ ᠵᠠᠪᠰᠢᠶᠠᠨ ᠢ ᠬᠦᠷᠲᠡᠭᠡᠵᠦ᠂ ᠠᠵᠤ ᠠᠬᠤᠢ ᠶᠢᠨ ᠦᠷ᠎ᠡ ᠠᠰᠢᠭ ᠴᠤ ᠶᠡᠭᠡ ᠰᠠᠶᠢᠨ ᠪᠠᠶᠢᠨ᠋᠎ᠠ᠃ ᠬᠤᠶᠢᠰᠢᠳᠠ᠂  ᠵᠠᠰᠠᠭ ᠤᠨ ᠣᠷᠳᠦᠨ ᠠᠴᠠ ᠡᠶᠢᠮᠣᠷᠬᠦ ᠮᠠᠶ᠋ᠢᠭ ᠤᠨ ᠲᠠᠯᠭᠡᠨ ᠦᠵᠡᠭᠦᠯᠭᠡ ᠶᠢᠨ ᠠᠵᠢᠯᠯᠠᠭ᠎ᠠ ᠢᠯᠡᠭᠦᠭᠡᠨ ᠡᠷᠬᠢᠯᠡᠵᠦ ᠶᠠᠪᠤᠭᠳᠠᠭᠤᠯᠬᠤ ᠶᠢ ᠬᠦᠰᠡᠵᠦ ᠪᠠᠶᠢᠨ᠎ᠠ ᠭᠡᠵᠦ ᠶᠠᠷᠢᠯ᠎ᠠ᠃
       ᠲᠡᠯᠭᠡᠨ ᠦᠵᠡᠭᠦᠯᠭᠡ ᠶᠢᠨ ᠠᠵᠢᠯᠯᠠᠭ᠎ᠠ ᠨᠢ ᠨᠢᠭᠡ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠪᠦᠳᠦᠭᠡᠭᠳᠡᠭᠦᠨ ᠤ ᠦᠵᠡᠭᠦᠯᠭᠡ ᠪᠣᠯᠬᠤ ᠪᠠᠷ ᠪᠠᠷᠠᠬᠤ ᠦᠭᠡᠢ ᠨᠡᠩ ᠴᠦ ᠪᠣᠳᠠᠰ ᠤᠨ ᠪᠣᠰᠤ ᠰᠣᠶᠣᠯ ᠤᠨ ᠥᠪ ᠤᠨ ᠰᠢᠰᠲ᠋ᠧᠮᠳᠤ ᠬᠠᠮᠠᠭᠠᠯᠠᠯᠲᠠ ᠪᠠᠶᠢᠵᠤ᠂ ᠨᠡᠩ ᠤᠯᠠᠨ ᠬᠥᠮᠥᠰ ᠲᠤ ᠪᠣᠳᠠᠰ ᠤᠨ ᠪᠣᠰᠤ ᠰᠣᠶᠣᠯ ᠤᠨ ᠥᠪ ᠤᠨ ᠦᠨ᠎ᠡ ᠦᠷᠳᠡᠭ ᠪᠠ ᠠᠴᠢ ᠬᠤᠯᠪᠣᠭᠳᠠᠯ ᠢ ᠣᠶᠢᠯᠭᠠᠭᠤᠯᠣᠨ ᠲᠠᠨᠢᠭᠤᠯᠵᠤ᠂ ᠪᠣᠳᠠᠰ ᠤᠨ ᠪᠣᠰᠤ ᠰᠣᠶᠣᠯ ᠤᠨ ᠥᠪ ᠢ ︽ᠨᠢᠳᠦᠨ ᠳᠤ ᠦᠵᠡᠭᠳᠡᠬᠦ᠂ ᠭᠠᠷ ᠲᠤ ᠪᠠᠷᠢᠭᠳᠠᠬᠤ︾ ᠪᠣᠯᠭᠠᠡᠡᠰᠡᠨ ᠪᠥᠭᠡᠳ ᠰᠢᠨ᠎ᠡ ᠴᠠᠭ ᠦᠶ᠎ᠡ ᠶᠢᠨ ᠢᠷᠠᠭᠤ ᠬᠠᠭᠤᠳᠡᠰᠤ ᠶᠢ ᠪᠢᠴᠢᠭᠯᠡᠬᠦ᠂ ᠪᠣᠳᠠᠰ ᠤᠨ ᠪᠣᠰᠤ ᠰᠣᠶᠣᠯ ᠤᠨ ᠥᠪ ᠤᠨ ᠥᠯᠢᠭᠡᠷ ᠢ ᠰᠠᠶᠢᠳᠦᠷ ᠶᠠᠷᠢᠬᠤ ᠳᠤ ᠦᠵᠡᠰᠭᠦᠯᠡᠩᠳᠦ ᠰᠠᠶᠢᠬᠠᠨ ᠦᠡᠭᠭᠡ ᠪᠣᠳᠤᠭ ᠨᠡᠮᠡᠷᠢᠯᠡᠵᠤ᠂ ᠦᠨᠢ ᠡᠷᠳᠡᠨ ᠤ ᠪᠣᠳᠠᠰ ᠤᠨ ᠪᠣᠰᠤ ᠰᠣᠶᠣᠯ ᠤᠨ ᠥᠪ ᠢ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠣᠯᠭᠤᠪᠠ᠃ ︵ᠵᠤᠤ ᠶᠠ ᠨᠠᠨ᠂ ᠰᠠᠷᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号