ᠮᠣᠩᠭᠤᠯ ᠡᠮᠨᠡᠯᠭᠡ ᠶᠢᠨ ᠪᠡᠶ᠎ᠡ ᠰᠡᠣᠡᠬᠢᠯ ᠪᠦᠬᠦᠯᠢ ᠴᠤᠭᠴᠠ ᠬᠠᠷᠢᠯᠴᠠᠨ ᠦᠢᠯᠡᠳᠣᠯᠴᠡᠬᠦ ᠰᠡᠣᠡᠬᠢᠴᠨ ᠵᠠᠰᠠᠯ  ᠤᠨ ᠡᠷᠡᠭᠦᠯ ᠮᠡᠨᠲᠤ ᠶᠢᠨ ᠲᠠᠶᠢᠯᠤᠮᠵᠢ ᠶᠢ ᠠᠮᠵᠢᠯᠲᠠ ᠲᠠᠢ ᠡᠷᠬᠢᠯᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/7/26
       7 ᠰᠠᠷ᠎ᠠ ᠶᠢᠨ 24 ᠤ ᠡᠳᠦᠷ᠂ ᠮᠣᠩᠭᠤᠯ ᠡᠮᠨᠡᠯᠭᠡ ᠶᠢᠨ ᠪᠡᠶ᠎ᠡ ᠰᠠᠳᠬᠢᠯ ᠬᠠᠷᠢᠯᠴᠠᠨ ᠦᠢᠯᠡᠳᠦᠯᠴᠡᠬᠦ ᠡᠮᠴᠢᠯᠡᠭᠡᠨ ᠤ ᠠᠷᠭ᠎ᠠ ᠶᠢᠨ ᠡᠭᠦᠳᠦᠭᠴᠢ ᠨᠠᠭᠤᠡᠪᠢᠯᠢᠭ ᠠᠷᠦ ᠬᠤᠷᠴᠢᠨ ᠬᠤᠰᠢᠭᠤᠨ ᠳᠤ ᠬᠢᠴᠢᠶᠡᠯ ᠲᠠᠶᠢᠯᠤᠮᠵᠢ ᠬᠢᠵᠦ᠂ ᠲᠤᠬᠠᠢ ᠶᠢᠨ ᠲᠠᠯᠠᠪᠤᠷ ᠤᠨ ᠬᠢᠴᠢᠶᠡᠯ ᠣᠷᠣᠬᠤ ᠶᠢᠨ ᠬᠠᠮᠲᠤ ᠫᠠᠶᠢᠰᠡ ᠰᠡᠭᠦᠬᠦ ᠶᠣᠰᠣᠯᠠᠯ ᠶᠠᠪᠤᠭᠤᠯᠪᠠ᠃ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠳᠡᠳ᠋ ᠲᠠᠷᠤᠭ᠎ᠠ  ᠭᠦᠸᠧ  ᠶᠦᠩ  ᠮᠢᠩ   ᠶᠣᠰᠣᠯᠠᠯ   ᠳᠤ  ᠣᠷᠣᠯᠴᠡᠪᠡ᠃  
       ᠢ ᠾᠧ ᠺᠠᠩ ᠪᠡᠶ᠎ᠡ ᠰᠣᠪᠢᠯᠠᠯᠳᠡ ᠶᠢᠨ ᠬᠦᠷᠢᠶᠡᠯᠡᠩ ᠤᠨ ᠬᠠᠷᠢᠭᠤᠴᠠᠯᠭᠠᠳᠠᠨ ᠤᠭᠳᠤᠯᠭ᠎ᠠ ᠶᠢᠨ ᠦᠭᠡ ᠬᠡᠯᠡᠭᠰᠡᠨ ᠪᠥᠭᠡᠳ ᠨᠠᠭᠤᠡᠪᠢᠯᠢᠭ ᠪᠠᠭᠰᠢ ᠲᠠᠢ ᠬᠠᠮᠲᠤ ᠪᠠᠷ ︽ᠢ ᠾᠧ ᠺᠠᠩ ᠬᠢᠲᠠᠳ ᠡᠮᠨᠡᠯᠭᠡ ᠮᠣᠩᠭᠤᠯ ᠡᠮᠨᠡᠯᠭᠡ  ᠶᠢᠨ ᠬᠤᠷᠢᠶ᠎ᠠ ᠶᠢᠨ ᠪᠡᠶ᠎ᠡ ᠰᠡᠣᠡᠬᠢᠴᠨ ᠶᠢᠨ ᠠᠨᠠᠭᠠᠬᠤ ᠤᠬᠠᠭᠠᠨ ᠤ ᠰᠠᠯᠠᠭ᠎ᠠ︾ ᠶᠢᠨ ᠫᠠᠶᠢᠰᠠ ᠶᠢ ᠰᠡᠭᠦᠵᠦ᠂ ᠬᠥᠸᠧ ᠶᠦᠩ ᠮᠢᠩ ᠪᠣᠯᠤᠨ ᠨᠠᠭᠤᠡᠪᠢᠯᠢᠭ ᠬᠠᠮᠲᠤᠪᠠᠷ ︽ᠢ ᠾᠧ ᠺᠠᠩ ᠪᠡᠶ᠎ᠡ ᠰᠣᠪᠢᠯᠠᠯᠳᠡ ᠶᠢᠨ ᠬᠦᠷᠢᠶᠡᠯᠠᠩ︾  ᠤᠨ ᠫᠠᠶᠢᠰᠡ ᠶᠢ ᠰᠡᠭᠦᠪᠠ᠃
       ᠨᠠᠭᠤᠨᠪᠢᠯᠢᠭ᠌ ᠪᠠᠭᠰᠢ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠨᠢᠭᠡ ᠤᠳᠠᠭᠠᠨ ᠤ ᠥᠪᠡᠷᠮᠢᠴᠠ ᠣᠡᠴᠠᠯᠢᠭ ᠲᠠᠢ᠂ ᠬᠥᠮᠥᠰ ᠤᠨ ᠪᠠᠭ᠋ᠠᠷᠣᠯ ᠢ ᠲᠠᠳ᠋ᠬᠠᠰᠡᠨ ᠭᠤᠶᠢᠳᠡ ᠰᠠᠶᠢᠬᠠᠨ ᠡᠷᠡᠭᠦᠯ ᠮᠡᠡᠳᠤ ᠶᠢᠨ ᠤᠨᠤᠯ ᠤᠨ ᠲᠠᠶᠢᠯᠦᠮᠵᠢ ᠬᠢᠬᠦ ᠶᠢᠨ ᠬᠠᠮᠲᠤ ᠮᠣᠩᠭᠤᠯ ᠠᠨᠠᠭᠠᠬᠤ ᠣᠬᠠᠭᠠᠨ ᠤ ᠪᠡᠶ᠎ᠡ ᠰᠡᠳᠬᠢᠯ ᠪᠥᠬᠦᠯᠢ ᠴᠤᠭᠴᠠ ᠬᠠᠷᠢᠯᠴᠠᠨ ᠦᠢᠯᠡᠳᠦᠯᠴᠡᠬᠦ ᠰᠡᠣᠡᠬᠢᠴᠨ ᠵᠠᠰᠠᠯ ᠤᠨ ᠡᠮᠴᠢᠯᠡᠭᠡᠨ ᠤ ᠬᠢᠴᠢᠶᠡᠯ ᠣᠷᠤᠪᠠ᠃ ᠰᠤᠷᠤᠯᠭᠠᠳᠠᠨ ᠮᠣᠩᠭᠤᠯ ᠡᠮᠨᠡᠯᠭᠡ ᠶᠢᠨ ᠪᠡᠶ᠎ᠡ ᠰᠡᠣᠡᠬᠢᠯ ᠪᠦᠬᠦᠯᠢ ᠴᠤᠭᠴᠠ ᠬᠠᠷᠢᠯᠴᠡᠨ ᠦᠢᠯᠡᠳᠦᠯᠴᠡᠬᠦ ᠰᠡᠣᠡᠬᠢᠴᠨ ᠵᠠᠰᠠᠯ ᠤᠨ ᠬᠠᠷᠢᠭᠤ ᠮᠡᠳᠡᠭᠦᠯᠣᠯᠲᠠ ᠬᠢᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠪᠦᠬᠦ  ᠠᠩᠬᠠᠷᠣᠯ ᠢᠶᠠᠨ ᠲᠦᠪᠯᠡᠷᠡᠭᠦᠯᠵᠤ᠂ ᠡᠷᠡᠭᠦᠯ ᠮᠠᠨᠲᠤ ᠶᠢᠨ ᠤᠨᠤᠯ ᠤᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ ᠪᠠᠶᠢᠯ᠎ᠠ᠃        ᠮᠡᠳᠡᠭᠡᠵᠢ ᠪᠠᠷ᠂ ᠠᠷᠦ ᠬᠤᠷᠴᠢᠨ ᠬᠤᠰᠢᠭᠤᠨ ᠤ ᠢ ᠡᠾᠧ ᠺᠠᠩ ᠪᠡᠶ᠎ᠡ ᠰᠤᠪᠢᠯᠠᠯᠲᠠ ᠶᠢᠨ ᠬᠦᠷᠢᠶᠡᠯᠡᠩ ᠪᠣᠯ ᠰᠤᠪᠢᠯᠠᠯᠲᠡ᠂ ᠨᠠᠰᠣᠵᠢᠯ ᠤᠨ ᠠᠰᠠᠷᠡᠮᠵᠢ᠂ ᠡᠮᠴᠢᠯᠡᠭᠡ᠂ ᠡᠷᠡᠭᠦᠯᠵᠢᠯ᠂ ᠵᠤᠭᠠᠴᠠᠨ  ᠠᠮᠠᠷᠠᠬᠤ ᠶᠢ ᠨᠢᠭᠡ ᠴᠤᠭᠴᠠᠵᠢᠭᠤᠯᠤᠭᠰᠠᠨ ᠡᠮᠴᠢᠯᠡᠭᠡ ᠰᠤᠪᠢᠯᠠᠯᠲᠠ ᠡᠷᠡᠭᠦᠯ ᠮᠠᠨᠲᠤ ᠶᠢ ᠤᠶᠠᠯᠳᠤᠭᠤᠯᠤᠭᠰᠠᠨ ᠰᠢᠨ᠎ᠡ ᠮᠠᠶ᠋ᠢᠭ ᠤᠨ ᠠᠮᠠᠷᠠᠯᠲᠠ ᠰᠤᠪᠢᠯᠠᠯᠲᠠ ᠶᠢᠨ ᠦᠢᠯᠡᠴᠢᠯᠡᠭᠡᠨ ᠤ ᠭᠠᠵᠠᠷ ᠮᠥᠨ᠃
       ᠠᠷᠦ ᠬᠤᠷᠴᠢᠨ ᠬᠤᠰᠢᠭᠤᠨ ᠤ ᠢ ᠾᠧ ᠺᠠᠩ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠷᠭᠢᠯᠡᠭᠴᠢ ᠡᠮᠴᠢ ᠱᠤᠸᠠᠩ ᠮᠧᠢ ᠰᠣᠷᠪᠣᠯᠵᠢᠯᠬᠠᠴᠢ ᠳᠤ᠂ ᠮᠠᠨ ᠤ ᠡᠮᠨᠡᠯᠭᠡ ᠶᠢᠨ ᠬᠤᠷᠢᠶ᠎ᠠ ᠨᠢ ᠤᠯᠠᠭᠠᠠᠭᠳᠠ ᠬᠤᠲᠠ  ᠶᠢᠨ ᠬᠢᠲᠠᠳ ᠡᠮᠴᠢ᠂ ᠠᠷᠦ ᠬᠤᠷᠴᠢᠨ ᠬᠤᠰᠢᠭᠤᠨ ᠤ ᠮᠣᠩᠭᠤᠯ ᠡᠮᠴᠢ ᠵᠠᠷᠭᠡ ᠨᠡᠷᠡᠲᠤ ᠲᠣᠰᠬᠠᠢ ᠮᠡᠷᠭᠡᠵᠢᠯᠲᠡᠨ ᠢ ᠣᠷᠲᠤ ᠬᠤᠭᠤᠴᠠᠭ᠎ᠠ ᠪᠠᠷ ᠡᠮᠨᠡᠯᠭᠡ ᠳᠤ ᠪᠠᠨ ᠰᠠᠭᠤᠯᠭᠠᠵᠤ᠂  ᠭᠤᠣᠯᠳᠡᠭᠤ ᠪᠥᠭᠡᠷ᠎ᠠ ᠶᠢᠨ ᠦᠷᠪᠢᠰᠣᠯ᠂ ᠪᠥᠭᠡᠷᠡᠨ ᠡᠪᠡᠳᠴᠢᠨ᠂ ᠵᠢᠷᠦᠭᠡᠨ ᠡᠪᠡᠣᠡᠴᠢᠨ᠂ ᠴᠢᠰᠣᠨ ᠳᠠᠷᠤᠯᠳᠠ ᠥᠨᠳᠥᠷ᠂ ᠵᠢᠷᠣᠬᠡ ᠲᠠᠷᠢᠬᠢᠨ ᠰᠤᠳᠠᠯ ᠤᠨ ᠡᠪᠡᠣᠡᠴᠢᠨ᠂ ᠰᠢᠬᠢᠷ ᠰᠢᠵᠢᠩ ᠡᠪᠡᠳᠴᠢᠨ ᠵᠡᠷᠭᠡ ᠬᠡᠳᠦᠨ ᠠᠷᠪᠡᠨ ᠵᠦᠢᠯ ᠤᠨ ᠡᠪᠡᠳᠴᠢᠨ ᠢ ᠵᠠᠰᠠᠵᠤ᠂ ᠡᠮ ᠣᠣᠭᠤᠯᠭᠠᠬᠤ᠂ ᠰᠡᠣᠡᠬᠢᠴᠨ ᠵᠠᠰᠠᠯ᠂ ᠡᠷᠡᠭᠦᠯᠵᠢᠯ ᠤᠨ ᠡᠮᠴᠢᠯᠡᠭᠡ᠂ ᠣᠳᠤᠮᠰᠢᠯᠲᠦ ᠬᠢᠲᠠᠳ ᠮᠣᠩᠭᠤᠯ ᠡᠮᠨᠡᠯᠭᠡ ᠵᠠᠷᠭᠡ ᠣᠨᠴᠠᠯᠢᠭᠲᠤ ᠵᠠᠰᠠᠯᠭ᠎ᠠ ᠶᠢ  ᠣᠶᠠᠯᠳᠣᠭᠤᠯᠬᠤ ᠲᠦᠰᠣᠯ ᠢ ᠬᠡᠷᠡᠭᠯᠠᠵᠤ᠂ ᠤᠳᠤᠮᠰᠢᠯᠲᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠵᠠᠰᠠᠯᠭ᠎ᠠ ᠶᠢᠨ ᠰᠠᠭᠤᠷᠢᠨ ᠳᠡᠭᠡᠷ᠎ᠡ ᠨᠠᠭᠤᠨᠪᠢᠯᠢᠭ᠌ ᠪᠠᠭᠰᠢ ᠶᠢᠨ ᠪᠡᠶ᠎ᠡ ᠰᠡᠣᠡᠬᠢᠯ ᠪᠦᠬᠦᠯᠢ ᠴᠤᠭᠴᠠ ᠬᠠᠷᠢᠯᠴᠡᠨ ᠦᠢᠯᠡᠳᠣᠯᠴᠡᠬᠦ ᠰᠡᠣᠡᠬᠢᠴᠨ ᠵᠠᠰᠠᠯ ᠲᠠᠢ ᠣᠶᠠᠯᠳᠤᠭᠤᠯᠤᠨ ᠡᠪᠡᠣᠡᠴᠢᠳᠡᠨ ᠳᠤ ᠦᠢᠯᠠᠴᠢᠯᠠᠵᠤ ᠪᠤᠢ᠂ ᠲᠣᠰ ᠵᠡᠰᠠᠯ ᠨᠢ ᠨᠣᠶᠢᠷ ᠬᠤᠯᠵᠢᠬᠤ᠂ ᠲᠠᠮᠢᠷ ᠳᠣᠷᠤᠢ ᠭᠡᠮ᠂ ᠶᠠᠳᠠᠷᠠᠯ ᠤᠨ ᠬᠡᠮ᠂ ᠵᠣᠪᠠᠨᠢᠬᠤ ᠡᠪᠡᠳᠴᠢᠨ᠂ ᠪᠤᠬᠢᠨᠢᠳᠤᠬᠤ ᠬᠡᠮ᠂ ᠴᠢᠰᠤᠨ ᠳᠠᠷᠤᠯᠲᠠ ᠥᠨᠳᠤᠷ᠂ ᠵᠢᠷᠦᠬᠡᠨ ᠤ ᠬᠡᠢ ᠬᠠᠳᠬᠤᠯᠭ᠎ᠠ᠂ ᠡᠯ᠎ᠡ ᠵᠦᠢᠯ ᠤᠨ ᠡᠯᠢᠭᠡ ᠵᠢᠷᠦᠬᠡ ᠬᠤᠲᠤᠭᠤᠲᠤ ᠭᠡᠳᠡᠰᠣᠨ ᠤ ᠡᠪᠡᠳᠴᠢᠨ᠂ ᠬᠤᠷᠭᠤᠰᠣᠯᠠᠬᠤ᠂ ᠦᠯᠦ ᠵᠢᠷᠮᠣᠰᠣᠯᠡᠬᠦ᠂ ᠦᠬᠡᠷ ᠢᠯᠢᠲᠦ ᠵᠠᠷᠭᠡ ᠡᠪᠠᠳᠴᠢᠨ ᠳᠤ ᠣᠨᠴᠠᠭᠠᠢ ᠲᠣᠰᠡ ᠲᠠᠢ ᠪᠠᠶᠢᠳᠠᠭ ᠭᠡᠵᠦ ᠲᠠᠨᠢᠯᠴᠠᠭᠤᠯᠵᠤ ᠪᠢᠯᠡ᠃        2024 ᠣᠨ ᠤ 3 ᠰᠠᠷ᠎ᠠ ᠳᠤ᠂ ᠠᠷᠦ ᠬᠤᠷᠴᠢᠨ ᠢ ᠡᠾᠧ ᠺᠠᠩ ᠭᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠶᠢ ᠠᠷᠤ ᠬᠤᠷᠴᠢᠨ ᠬᠤᠰᠢᠭᠤᠨ ᠤ ᠡᠮ ᠡᠮᠨᠡᠯᠭᠡ ᠶᠢᠨ ᠲᠠᠭᠠᠣᠡᠬᠠᠯ ᠤᠨ  ᠲᠣᠡᠡᠳ᠋ᠬᠠᠰᠡᠨ ᠡᠮᠴᠢᠯᠡᠭᠡᠨ ᠤ ᠪᠠᠶᠢᠭᠤᠯᠤᠮᠵᠢ ᠳᠤ ᠵᠢᠩᠬᠢᠨᠢ ᠪᠠᠷ ᠣᠷᠤᠭᠤᠯᠵᠤ᠂ ᠲᠠᠭᠠᠣᠡᠬᠠᠯ ᠳᠤ ᠣᠷᠣᠯᠴᠬᠠᠰᠠᠤᠨ ᠲᠤ ᠦᠨᠳᠦᠰᠤᠨ ᠡᠮ ᠡᠮᠨᠡᠯᠭᠡ ᠶᠢᠨ ᠲᠠᠭᠠᠣᠡᠬᠠᠯ ᠤᠨ ᠦᠢᠯᠡᠴᠢᠯᠡᠭᠡ ᠬᠠᠩᠭᠠᠪᠠ᠃ ᠲᠣᠰ ᠡᠮᠨᠡᠯᠭᠡ ᠶᠢᠨ ᠬᠤᠷᠢᠶ᠎ᠠ ᠨᠢ ᠨᠢᠭᠡᠳᠦᠭᠡᠷ ᠲᠠᠰ  ᠤᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠦᠲᠦᠭᠡᠨ ᠪᠠᠶᠢᠭᠤᠯᠵᠤ᠂ ᠡᠯ᠎ᠡ ᠡᠮᠴᠢᠯᠡᠭᠡᠨ ᠤ ᠴᠢᠳᠠᠮᠵᠢᠲᠤ ᠣᠷᠣᠨ ᠪᠦᠰᠨ ᠶᠢ ᠵᠦᠢ  ᠵᠣᠬᠢᠰᠳᠡᠢ ᠪᠠᠶᠢᠷᠢᠰᠢᠭᠤᠯᠤᠨ᠂ ᠡᠮᠨᠡᠯᠭᠡ ᠳᠤ ᠰᠠᠭᠤᠬᠤ ᠳᠤ ᠳᠠᠭᠠᠯᠠᠮᠵᠢᠲᠠᠢ᠂ ᠠᠮᠤᠷ ᠲᠥᠪᠰᠢᠨ ᠣᠷᠴᠢᠨ ᠲᠣᠭᠤᠷᠢᠨ ᠢ ᠪᠤᠢ ᠪᠣᠯᠭᠠᠵᠤ ᠦᠭᠬᠦᠭᠰᠡᠨ ᠶᠤᠮ᠃ ︵ ᠶᠢᠨ ᠵᠤ᠋᠂ ᠯᠢᠤ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号