ᠬᠤᠰᠢᠭᠤᠨ ᠠᠷᠠᠳ ᠤᠨ ᠶᠠᠪᠤᠳᠠᠯ ᠤᠨ ᠲᠤᠪᠴᠢᠶ᠎ᠠ ︽ᠰᠠᠶᠢᠨ ᠳᠤᠷ᠎ᠠ ᠶᠢᠨ + ᠲᠥᠯᠥᠪᠦᠷᠢ ᠲᠠᠢ︾ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠨᠠᠰᠤᠵᠢᠯ ᠤᠨ ᠠᠰᠠᠷᠠᠮᠵᠢ ᠶᠢᠨ ᠶᠡᠷᠦᠩᠭᠡᠶᠢᠯᠡᠭᠰᠠᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/7/30
       ᠣᠶᠢᠷ᠎ᠠ ᠶᠢᠨ ᠵᠢᠯ ᠳᠤ᠂ ᠠᠷᠤ ᠬᠤᠷᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠦᠢᠯᠠᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠪᠠᠶᠢᠷᠢᠰᠢᠯ ᠢ ᠰᠢᠯᠢᠳᠡᠭᠵᠢᠭᠦᠯᠦᠨ ᠲᠣᠬᠢᠷᠠᠭᠤᠯᠵᠤ᠂ ᠭᠡᠷ ᠲᠡᠭᠡᠨ ᠪᠠᠶᠢᠭ᠎ᠠ ᠨᠠᠰᠤᠳᠠᠶᠢᠴᠤᠳ ᠢ ᠠᠰᠠᠷᠠᠬᠤ ︽ᠰᠠᠶᠢᠨ ᠳᠤᠷ᠎ᠠ ᠶᠢᠨ +ᠲᠥᠯᠥᠪᠦᠷᠢ ᠲᠠᠢ︾ ᠦᠢᠯᠡᠴᠢᠯᠡᠭᠡᠨ ᠤ ᠵᠬᠠᠪᠣᠷ ᠤᠨ ᠰᠢᠨ᠎ᠡ ᠶᠢ ᠡᠭᠦᠳᠴᠦ᠂ ᠪᠥᠬᠦ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠶᠡᠷᠦᠩᠭᠡᠶᠢᠯᠡᠭᠰᠡᠨ ᠦᠢᠯᠡᠴᠢᠯᠡᠭᠡᠨ ᠤ ᠬᠢᠷᠢ ᠲᠥᠪᠰᠢᠨ ᠢ ᠢᠯᠡᠳᠲᠡ ᠳᠡᠭᠡᠭᠰᠢᠯᠡᠭᠦᠯᠪᠡ᠃
       ᠬᠤᠰᠢᠭᠤᠨ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠠᠭᠤᠷᠢ ᠶᠢ ᠬᠦᠴᠦᠯᠡᠨ ᠪᠠᠬᠢᠵᠢᠭᠦᠯᠵᠦ᠂ ᠣᠨᠴᠠ ᠬᠦᠴᠢᠷᠳᠡᠯᠲᠡᠢ ᠨᠠᠰᠤᠳᠠᠶᠢᠴᠤᠳ ᠤᠨ ᠬᠠᠯᠠᠭᠤᠨ ᠲᠤᠯᠠᠭᠠᠨ ︽ᠭᠡᠷ ᠣᠷᠣᠨ︾ ᠢ ᠪᠠᠶᠢᠭᠤᠯᠤᠨ᠂ ᠠᠷᠤ ᠬᠤᠷᠴᠢᠨ ᠬᠤᠰᠢᠭᠤᠨ ᠳᠤ ᠣᠳᠣ ᠨᠠᠰᠤᠲᠠᠨ ᠢ ᠠᠰᠠᠷᠠᠬᠤ ᠬᠦᠷᠢᠶᠡᠯᠠᠩ 4 ︵421 ᠣᠷᠣ ᠲᠠᠢ︶ ᠪᠠᠶᠢᠵᠤ᠂ ᠬᠦᠷᠢᠶᠠᠯᠠᠩ ᠤᠨ ᠭᠡᠷ ᠲᠣᠲᠣᠷᠠᠬᠢ ᠣᠭᠢᠶᠠᠯᠭ᠎ᠠ ᠶᠢᠨ ᠲᠠᠰᠤᠭ᠂ ᠵᠤᠷᠯᠤᠩ᠂ ᠬᠤᠪᠴᠠᠰᠤ ᠤᠬᠢᠶᠠᠬᠤ ᠭᠡᠷ᠂ ᠵᠤᠭ᠎ᠠ ᠴᠡᠩᠭᠡᠯ ᠤᠨ ᠥᠷᠥᠭᠡ ᠵᠡᠷᠭᠡ ᠲᠥᠬᠦᠭᠡᠷᠦᠮᠵᠢ ᠪᠦᠷᠢᠨ ᠪᠠᠶᠢᠵᠤ᠂ ᠭᠡᠷ ᠤᠨ ᠭᠠᠳᠠᠨ᠎ᠠ ᠪᠠᠰᠠ ᠠᠮᠢᠳᠤᠷᠠᠯ ᠤᠨ ᠲᠣᠭᠤᠷᠢᠭ᠂ ᠬᠦᠳᠡᠯᠭᠡᠭᠡᠨ ᠤ  ᠲᠣᠭᠤᠷᠢᠭ᠂ ᠰᠡᠯᠡᠬᠦᠴᠡᠯ ᠤᠨ ᠲᠣᠭᠤᠷᠢᠭ᠂ ᠲᠡᠵᠢᠭᠡᠨ ᠥᠷᠡᠵᠢᠭᠦᠯᠬᠦ ᠲᠣᠭᠤᠷᠢᠭ᠂ ᠲᠡᠷᠢᠮᠠᠯ ᠤᠨ ᠲᠣᠭᠤᠷᠢᠭ ᠵᠡᠷᠭᠡ ᠶᠢ ᠲᠣᠬᠢᠷᠠᠭᠤᠯᠵᠠᠢ᠃ ᠠᠮᠢᠳᠤᠷᠠᠯ ᠤᠨ ᠭᠡᠷ ᠪᠠᠶᠢᠰᠢᠩ᠂ ᠭᠠᠯ ᠤᠨᠲᠠᠷᠠᠭᠠᠬᠤ ᠲᠦᠬᠦᠭᠡᠷᠤᠮᠵᠢ᠂ ᠰᠠᠭᠠᠳ ᠦᠭᠡᠢ ᠨᠡᠪᠲᠡᠷᠡᠬᠦ ᠲᠥᠬᠦᠭᠡᠷᠤᠮᠵᠢ᠂ ᠪᠠᠴᠢᠮ ᠪᠠᠶᠢᠳᠠᠯ ᠢ ᠠᠷᠭᠠᠴᠠᠭᠠᠬᠤ ᠳᠠᠭᠤᠳᠠᠯᠲᠠ ᠶᠢᠨ ᠰᠢᠰᠲ᠋ᠧᠮ᠂ ᠠᠮᠤᠷ ᠲᠥᠪᠰᠢᠨ ᠤ ᠬᠢᠨᠡᠨ ᠡᠵᠡᠮᠳᠡᠬᠦ ᠰᠢᠰᠲ᠋ᠧᠮ ᠵᠡᠷᠭᠡ ᠲᠦᠬᠦᠭᠡᠷᠦᠮᠵᠢ ᠶᠢ ᠪᠦᠬᠦ ᠲᠠᠯ᠎ᠠ ᠪᠠᠷ  ᠪᠠᠶᠢᠷᠢᠯᠠᠭᠤᠯᠬᠤ ᠶᠢᠨ ᠬᠠᠮᠲᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠡ᠂ ᠡᠳᠦᠷ ᠲᠤᠲᠤᠮ ᠤᠨ ᠬᠠᠮᠢᠶᠠᠷᠤᠯᠲᠡ ᠵᠡᠷᠭᠡ 5 ᠶᠡᠭᠡ ᠲᠥᠷᠦᠯ ᠤᠨ 28 ᠵᠦᠢᠯ ᠤᠨ ᠪᠠᠷᠢᠮᠵᠢᠶ᠎ᠡ ᠪᠠᠨᠷ ᠪᠠᠶᠢᠩᠭᠤᠶᠢᠵᠢᠭᠰᠠᠨ ᠬᠢᠨᠠᠨ ᠰᠢᠯᠭᠠᠯᠲᠠ ᠶᠢ ᠥᠷᠨᠢᠭᠦᠯᠵᠦ᠂ ᠴᠡᠭᠴᠡᠯᠡᠨ ᠦᠭᠡᠷᠡᠴᠢᠯᠡᠬᠦ ᠲᠣᠳᠤᠷᠬᠠᠢ ᠬᠠᠭᠤᠳᠠᠰᠤ ᠪᠠᠶᠢᠭᠤᠯᠤᠨ᠂ ᠵᠦᠢᠯ ᠳᠠᠷᠠᠭᠠᠯᠠᠨ ᠳ᠋ᠤᠭᠠᠷ ᠬᠠᠰᠤᠬᠤ ᠬᠠᠮᠢᠶᠠᠷᠦᠯᠲᠡ ᠶᠢ ᠭᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ︽ᠠᠵᠢᠯ  ᠢ ᠨᠠᠷᠢᠯᠢᠡᠡᠵᠢᠭᠤᠯᠬᠤ᠂ ᠦᠢᠯᠠᠴᠢᠯᠡᠭᠡ ᠶᠢ ᠪᠠᠷᠢᠮᠵᠢᠶᠠᠵᠢᠭᠤᠯᠬᠤ᠂ ᠬᠠᠮᠢᠶᠠᠷᠤᠯᠲᠠ ᠶᠢ ᠵᠢᠷᠣᠮᠵᠢᠭᠤᠯᠬᠤ︾ ᠬᠠᠷᠠᠯᠲᠠ  ᠶᠢ ᠪᠠᠶᠡᠯᠡᠭᠦᠯᠪᠡ᠃
       ᠬᠤᠰᠢᠭᠤᠨ ᠠᠷᠠᠳ ᠤᠨ ᠶᠠᠪᠤᠳᠠᠯ ᠤᠨ ᠲᠣᠪᠴᠢᠶ᠎ᠠ ᠭᠡᠷ ᠲᠡᠭᠡᠨ ᠪᠠᠶᠢᠭ᠎ᠠ ᠨᠠᠰᠤᠳᠠᠶᠢᠴᠤᠳ ᠢ ᠠᠰᠠᠷᠠᠬᠤ ᠵᠠᠭᠪᠤᠷ ᠤᠨ ᠰᠢᠨ᠎ᠡ ᠶᠢ ᠡᠭᠦᠳᠴᠦ᠂ ︽ᠰᠠᠶᠢᠨ ᠲᠤᠷ᠎ᠠ ᠶᠢᠨ + ᠲᠥᠯᠥᠪᠦᠷᠢ ᠲᠠᠢ︾ ᠲᠤᠭᠳᠠᠴᠠ ᠪᠠᠷ ᠨᠡᠶᠢᠭᠡᠮ ᠤᠨ ᠬᠦᠴᠦᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠲᠤ ᠢᠳᠡᠪᠬᠢᠲᠡᠢ ᠣᠷᠣᠯᠴᠠᠬᠤ ᠶᠢ ᠲᠡᠶᠢᠴᠢᠯᠡᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠤᠷᠤᠭᠤᠯᠤᠨ ᠠᠪᠴᠢᠷᠠᠵᠤ ᠬᠤᠲᠠ ᠲᠤᠭᠤᠷᠢᠭ ᠤᠨ ᠭᠡᠷ  ᠲᠡᠭᠡᠨ ᠪᠠᠶᠢᠭ᠎ᠠ ᠨᠠᠰᠤᠲᠠᠶᠢᠴᠦᠳ ᠢ ᠠᠰᠠᠷᠠᠬᠤ ᠦᠢᠯᠡᠴᠢᠯᠡᠭᠡᠨ ᠤ ᠲᠦᠷᠦᠯ ᠵᠦᠢᠯ ᠢ ᠵᠠᠯᠭᠠᠨ ᠠᠪᠴᠤ᠂ ᠭᠡᠷ ᠲᠡᠭᠡᠨ ᠪᠠᠶᠢᠭ᠎ᠠ ᠨᠠᠰᠤᠳᠠᠶᠢᠴᠤᠳ ᠢ ᠠᠰᠠᠷᠠᠬᠤ ︽ᠰᠠᠶᠢᠨ ᠲᠤᠷ᠎ᠠ ᠶᠢᠨ + ᠲᠥᠯᠥᠪᠦᠷᠢ ᠲᠠᠢ︾ ᠦᠢᠯᠡᠴᠢᠯᠡᠭᠡᠨ ᠤ ᠵᠠᠭᠪᠤᠷ  ᠢ ᠪᠠᠶᠢᠭᠤᠯᠤᠨ᠂ ︽ᠨᠠᠰᠤᠳᠠᠶᠢᠴᠤᠳ ᠤᠨ ᠬᠡᠷᠡᠭᠴᠡᠭᠡ ᠱᠠᠭᠠᠷᠳᠠᠯᠭ᠎ᠠ᠂ ᠦᠢᠯᠡᠴᠢᠯᠡᠬᠦ ᠡᠲᠡᠭᠡᠳ ᠤᠨ ᠣᠨᠴᠠ ᠴᠢᠳᠠᠪᠤᠷᠢ᠂ ᠦᠢᠯᠡᠴᠢᠯᠡᠭᠡᠨ ᠤ ᠶᠠᠰᠤ ᠴᠢᠨᠠᠷ ᠲᠤ ᠬᠢᠨᠡᠯᠲᠠ ᠲᠠᠯᠪᠢᠬᠤ︾ ︽ᠬᠤᠶᠠᠷ ᠬᠥᠮᠥᠷᠭᠡ ᠨᠢᠭᠡ ᠲᠥᠪ︾ ᠤᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ᠂ ᠦᠢᠯᠡᠴᠢᠯᠡᠭᠡᠨ ᠤ ᠠᠭᠤᠯᠭ᠎ᠠ ᠵᠢᠴᠢ ᠰᠠᠶᠢᠨ ᠲᠤᠷ᠎ᠠ ᠶᠢᠨ ᠬᠤᠪᠢ ᠲᠡᠮᠳᠡᠭᠯᠡᠵᠦ  ᠱᠠᠩᠨᠠᠬᠤ ᠲᠣᠭᠳᠠᠴᠠ ᠶᠢ ᠨᠡᠷᠢᠯᠢᠠᠨᠵᠢᠭᠤᠯᠪᠠ᠃ ᠨᠠᠰᠤᠵᠢᠯ ᠤᠨ ᠰᠦᠯᠵᠢᠶᠡᠨ ᠲᠡᠭᠡᠷᠡᠬᠢ ᠣᠶᠤᠨᠴᠢ ᠵᠢᠯᠤᠭᠤᠳᠤᠨ ᠲᠣᠬᠢᠷᠠᠭᠤᠯᠬᠤ ᠲᠥᠪ ᠲᠤ ᠲᠦᠰᠢᠭᠯᠡᠨ᠂ ᠦᠢᠯᠡᠴᠢᠯᠡᠭᠡᠨ ᠤ ᠬᠠᠯᠠᠮᠰᠢᠯ ᠤᠳᠠᠰᠤ ᠲᠣᠬᠢᠷᠠᠭᠤᠯᠤᠨ᠂ ᠨᠠᠰᠤᠵᠢᠯ ᠤᠨ ᠦᠢᠯᠡᠴᠢᠯᠡᠭᠡᠨ ᠤ ᠣᠶᠤᠨᠴᠢ ᠶᠡᠷᠦᠩᠭᠡᠶᠢᠯᠡᠭᠰᠡᠨ ᠮᠡᠳᠡᠭᠡ ᠵᠠᠩᠬᠢ ᠶᠢᠨ ᠲᠠᠪᠴᠠᠩ ᠵᠢᠴᠢ ᠭᠠᠷ ᠤᠲᠠᠰᠤᠨ ᠤ APP ᠶᠢ ᠨᠡᠭᠡᠭᠡᠨ ᠬᠥᠭᠵᠢᠭᠦᠯᠵᠦ᠂ ᠨᠠᠰᠤᠳᠠᠶᠢᠴᠤᠳ ᠲᠤ ᠴᠠᠭ ᠲᠤᠬᠠᠢ ᠳᠤᠨᠢ ᠣᠨᠣᠪᠴᠢᠲᠠᠢ᠂ ᠲᠦᠷᠭᠡᠨ᠂ ᠴᠢᠨᠠᠷ ᠰᠠᠶᠢᠲᠠᠢ ᠦᠢᠯᠡᠴᠢᠯᠡᠭᠡ ᠬᠠᠨᠭ᠍ᠭᠠᠨ᠎ᠠ᠃ ᠰᠦᠯᠵᠢᠶᠠᠨ ᠭᠠᠳᠡᠨ᠎ᠠ ︽ᠰᠠᠶᠢᠨ ᠲᠤᠷ᠎ᠠ ᠶᠢᠨ ᠪᠦᠯᠬᠦᠮ ᠪᠠᠶᠢᠭᠤᠯᠬᠤ︾ ᠦᠢᠯᠡᠴᠢᠯᠡᠭᠡᠨ ᠤ ᠠᠷᠭ᠎ᠠ ᠮᠠᠶ᠋ᠢᠭ ᠢ ᠠᠪᠴᠤ᠂ ᠭᠡᠷ ᠲᠤᠨᠢ ᠬᠦᠷᠴᠤ ᠨᠠᠰᠤᠲᠠᠶᠢᠴᠤᠳ ᠲᠤ ᠬᠤᠭᠤᠯᠠ ᠣᠮᠲᠠ ᠪᠡᠯᠡᠳᠬᠡᠬᠦ᠂ ᠠᠮᠢᠳᠤᠷᠠᠯ ᠤᠨ ᠬᠠᠷᠠᠭᠠᠯᠵᠠᠯ ᠦᠵᠡᠭᠦᠯᠬᠦ᠂ ᠣᠶᠤᠨ ᠰᠠᠨᠠᠭᠠᠨ ᠤ ᠲᠠᠶᠢᠣᠡᠬᠤᠷᠠᠭᠤᠯᠣᠯ ᠥᠭᠬᠦ ᠵᠡᠷᠭᠡ ᠦᠢᠯᠡᠴᠢᠯᠡᠭᠡ ᠬᠠᠨᠭ᠍ᠭᠠᠵᠤ᠂ ᠨᠠᠰᠤᠲᠠᠶᠢᠴᠤᠳ ᠤᠨ ᠵᠣᠯ ᠵᠢᠷᠭᠠᠯᠳᠤ ᠲᠥᠷᠥᠭᠳᠡᠯ ᠢ ᠨᠡᠮᠡᠭᠳᠡᠭᠦᠯᠪᠡ᠃
       ᠬᠤᠰᠢᠭᠤᠨ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠲᠠᠶᠢᠴᠤᠳ ᠲᠤ ᠲᠣᠬᠢᠷᠠᠭᠰᠠᠨ ᠥᠭᠡᠷᠡᠴᠢᠯᠡᠯᠲᠡ  ᠶᠢᠨ ᠠᠵᠢᠯ ᠢ ᠲᠦᠷᠭᠡᠳᠬᠡᠨ ᠠᠬᠢᠭᠤᠯᠵᠤ᠂ ᠪᠣᠳᠠᠲᠠᠢ ᠶᠢ ᠪᠣᠳᠣᠯᠬᠢᠯᠠᠨ ᠨᠠᠷᠢᠨ ᠵᠦᠢᠯᠡᠰ ᠠᠴᠠ ᠭᠠᠷᠳᠠᠵᠤ᠂ ᠪᠥᠬᠦ ᠬᠤᠰᠢᠭᠤᠨ ᠤ ᠣᠨᠴᠠ ᠬᠦᠴᠢᠷᠳᠠᠯᠲᠡᠢ ᠨᠠᠰᠤᠲᠠᠶᠢᠴᠦᠳ ᠤᠨ ᠡᠷᠦᠭᠡ ᠪᠠᠷ ᠬᠦᠷᠴᠦ ᠨᠠᠰᠤᠲᠠᠶᠢᠴᠦᠳ ᠲᠤ ᠲᠣᠬᠢᠷᠠᠭᠰᠠᠨ ᠦᠨᠡᠯᠡᠨ ᠵᠢᠱᠢᠯᠲᠡ ᠶᠢᠨ ᠠᠵᠢᠯ ᠥᠷᠨᠢᠭᠦᠯᠪᠡ᠃ ᠨᠠᠰᠤᠳᠠᠶᠢᠴᠤᠳ ᠲᠤ ᠲᠣᠬᠢᠷᠠᠬᠤ ᠦᠭᠡᠷᠡᠴᠢᠯᠠᠯᠲᠠ ᠶᠢᠨ ᠱᠠᠭᠠᠷᠳᠠᠯᠭ᠎ᠠ ᠳᠤ ᠨᠠᠶᠢᠴᠡᠬᠦ ᠣᠨᠴᠠ ᠬᠦᠴᠢᠷᠲᠡᠯᠲᠡᠢ ᠨᠠᠰᠤᠲᠠᠶᠢᠴᠦᠳ ᠤᠨ ᠭᠡᠷ ᠪᠦᠯᠢ ᠳᠤ ᠴᠢᠭᠯᠡᠭᠦᠯᠦᠨ᠂ ᠠᠮᠤᠷ ᠲᠥᠪᠰᠢᠨ᠂ ᠦᠨ᠎ᠡ ᠬᠠᠨᠭ᠍ᠰᠢ ᠳᠣᠣᠷ᠎ᠠ ᠵᠠᠷᠴᠢᠮ ᠶᠣᠰᠣᠭᠠᠷ ᠭᠤᠷᠪᠡᠳᠡᠬᠢ ᠡᠲᠡᠭᠡᠳ ᠲᠤ ᠨᠠᠶᠢᠳᠠᠨ ᠡᠷᠦᠭᠡ ᠨᠢᠭᠡᠪᠦᠷᠢ ᠳᠤ ᠣᠷᠣ ᠶᠢᠨ ᠬᠠᠵᠠᠭᠤ ᠶᠢᠨ ᠲᠦᠰᠢᠭᠦᠷ᠂ ᠲᠠᠶᠠᠭ᠂ ᠪᠡᠶ᠎ᠡ ᠤᠬᠢᠶᠠᠬᠤ ᠰᠠᠨᠳᠠᠯᠢ ᠵᠡᠷᠭᠡ ᠨᠠᠰᠤᠳᠠᠶᠢᠴᠤᠳ ᠲᠤ ᠲᠣᠬᠢᠷᠠᠭᠰᠠᠨ ᠪᠦᠲᠦᠭᠡᠭᠳᠡᠭᠦᠨ ᠢ ᠵᠠᠬᠢᠶᠠᠯᠠᠨ ᠤᠭᠰᠠᠷᠠᠵᠤ ᠥᠭᠪᠡ᠃ 2023 ᠣᠨ ᠠᠴᠠ ᠨᠠᠭᠠᠰᠢ ᠨᠠᠶᠢᠳᠠ 90 ᠭᠠᠷᠣᠢ ᠲᠦᠮᠡᠨ ᠲᠥᠬᠦᠷᠢᠭ ᠤᠨ ᠪᠡᠯᠡ ᠣᠷᠤᠭᠤᠯᠵᠤ ᠨᠠᠰᠤᠲᠠᠶᠢᠴᠤᠳ ᠲᠤ ᠲᠣᠬᠢᠷᠠᠭᠰᠠᠨ ᠦᠭᠡᠷᠡᠴᠢᠯᠡᠯᠲᠡ ᠶᠢ ᠬᠡᠷᠡᠭᠵᠢᠭᠦᠯᠵᠦ᠂ 2024 ᠣᠨ ᠳᠤ ᠲᠣᠭᠳᠠᠭᠠᠭᠰᠠᠨ ᠦᠭᠡᠷᠡᠴᠢᠯᠡᠯᠲᠡ ᠶᠢᠨ ᠡᠲᠡᠭᠡᠳ ᠪᠣᠯᠬᠤ 215 ᠡᠷᠦᠭᠡ ᠶᠢᠨ ᠦᠭᠡᠷᠡᠴᠢᠯᠡᠨ ᠰᠢᠨᠡᠳᠭᠡᠬᠦ ᠵᠢᠴᠢ ᠰᠢᠯᠭᠠᠨ ᠬᠤᠷᠢᠶᠠᠬᠤ ᠠᠵᠢᠯ ᠢ ᠪᠥᠬᠦᠨ ᠢ ᠪᠡᠶᠠᠯᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠪᠠ᠃ ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号