ᠠᠷᠤ ᠬᠤᠷᠴᠢᠨ ᠬᠤᠰᠢᠭᠤᠨ ᠤ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷᠠᠴᠤᠳ ᠨᠠᠭᠠᠳᠤᠮ ᠤᠨ ᠬᠤᠷᠠᠯ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/7/30
       ᠠᠷᠤ ᠬᠤᠷᠴᠢᠨ ᠬᠤᠰᠢᠭᠤᠨ ᠤ ᠨᠡᠭᠦᠳᠡᠯ ᠰᠣᠶᠣᠯ ᠤᠨ ᠨᠠᠶᠢᠷ ᠨᠠᠭᠠᠳᠤᠮ ᠶᠠᠪᠤᠭᠳᠠᠬᠤ ᠬᠤᠭᠤᠴᠠᠭᠠᠨ ᠳᠤ᠂ ᠣᠷᠣᠯᠳᠤᠭᠠᠨ ᠤ ᠲᠠᠯᠠᠪᠠᠢ ᠶᠢᠨ ᠲᠤᠳᠤᠨ᠎ᠠ ᠬᠠᠳᠠᠨᠠᠬᠢ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠴᠤ ᠡᠮᠬᠢ ᠴᠡᠭᠴᠡ ᠲᠠᠢ ᠶᠠᠪᠤᠭᠳᠠᠪᠠ᠃ ᠬᠤᠷᠠᠯ ᠤᠨ ᠲᠠᠯᠠᠪᠠᠢ ᠶᠢᠨ ᠲᠡᠷᠢᠭᠦᠯᠡᠭᠴᠢ ᠶᠢᠨ ᠲᠠᠶᠢᠰᠠᠨ ᠠᠴᠠ ᠤᠷᠤᠯᠳᠤᠭᠠᠨ ᠤ ᠲᠠᠯᠠᠪᠠᠢ ᠬᠥᠷᠳᠡᠯ᠎ᠠ᠂ ᠲᠠᠯᠠᠪᠠᠢ ᠶᠢᠨ ᠭᠠᠳᠠᠨᠠᠬᠢ ᠦᠵᠡᠭᠴᠢᠳ ᠤᠨ ᠲᠣᠭᠤᠷᠢᠭ ᠠᠴᠠ ᠨᠡᠭᠦᠳᠡᠯ ᠪᠠᠭᠤᠳᠠᠯ ᠤᠨ ᠭᠠᠵᠠᠷ ᠬᠥᠷᠳᠡᠯ᠎ᠠ ᠶᠠᠭᠠᠷᠠᠯᠲᠠᠢ ᠠᠵᠢᠯᠯᠠᠵᠤ ᠪᠠᠶᠢᠭᠰᠠᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷᠠᠴᠤᠳ ᠤᠨ ᠪᠡᠷ᠎ᠡ ᠨᠢ ᠣᠷᠣᠯᠳᠤᠭᠠᠨ ᠤ ᠲᠠᠯᠠᠪᠠᠢ ᠶᠢᠨ ᠲᠤᠳᠤᠨ᠎ᠠ ᠭᠠᠳᠠᠨᠠᠬᠢ ᠥᠪᠡᠷᠮᠢᠴᠡ ᠣᠨᠴᠠᠯᠢᠭᠲᠤ ᠭᠤᠶᠢᠳᠡ ᠰᠠᠶᠢᠬᠠᠨ ᠵᠢᠷᠤᠨ ᠲᠦᠷᠰᠦ ᠪᠣᠯᠵᠤ᠂ ᠠᠷᠦ ᠬᠤᠷᠴᠢᠨ ᠬᠤᠰᠢᠭᠤᠨ ᠤ ᠰᠢᠨ᠎ᠡ ᠴᠠᠠᠨ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠰᠠᠶᠢᠨ ᠳᠤᠷᠠᠴᠤᠳ ᠪᠣᠳᠠᠲᠤ ᠠᠵᠢᠯᠯᠠᠭ᠎ᠠ ᠪᠠᠷ ᠢᠶᠠᠨ ᠪᠥᠬᠦ ᠤᠷᠣᠯᠳᠤᠭᠠᠨ ᠤ ᠲᠠᠯᠠᠪᠤᠷ ᠢ ᠴᠢᠮᠡᠭᠯᠡᠯ᠎ᠠ᠃
       ᠪᠣᠯᠪᠠᠰᠤᠨ ᠤ ᠦᠢᠯᠡᠳᠦᠯᠭᠡ ᠶᠢᠨ ᠰᠠᠶᠢᠨ ᠲᠤᠷᠠᠴᠤᠳ ᠪᠣᠯ ᠴᠥᠮ ᠰᠤᠷᠭᠠᠭᠤᠯᠢ ᠳᠤ ᠰᠤᠷᠤᠯᠴᠠᠵᠤ ᠪᠠᠶᠢᠭ᠎ᠠ ᠣᠶᠣᠲᠠᠨ ᠰᠤᠷᠤᠭᠴᠢ ᠪᠣᠯᠣᠨ᠋᠎ᠠ᠃ ᠡᠨᠡ ᠵᠤᠨ ᠤ ᠠᠮᠠᠷᠠᠯᠲᠠ ᠪᠠᠷ᠂ ᠬᠤᠰᠢᠭᠤᠨ ᠰᠢᠨ᠎ᠡ ᠴᠠᠨ ᠦᠶ᠎ᠡ ᠶᠢᠨ ᠪᠣᠯᠪᠠᠰᠤᠨ ᠤ ᠦᠢᠯᠠᠳᠦᠯᠭᠡ ᠶᠢᠨ ᠲᠥᠪ ᠠᠴᠠ ᠬᠤᠰᠢᠭᠤ ᠨᠤᠲᠤᠭ ᠤᠨ ᠢᠶᠠᠨ ᠨᠡᠭᠦᠳᠡᠯ ᠰᠣᠶᠣᠯ ᠤᠨ ᠨᠠᠶᠢᠷ ᠨᠠᠭᠠᠳᠤᠮ ᠤᠨ ᠰᠢᠷᠢᠰ ᠠᠵᠢᠯᠯᠠᠭ᠎ᠠ ᠳᠤ ᠰᠠᠶᠢᠨ ᠳᠤᠷᠠᠴᠤᠳ ᠡᠯᠰᠡᠵᠦ ᠪᠠᠶᠢᠬᠤ ᠲᠣᠬᠢᠶᠠᠯᠳᠤᠯ ᠢᠶᠠᠷ ᠲᠡᠳᠡ ᠢᠳᠡᠪᠬᠢᠲᠡᠢ ᠨᠡᠷ᠎ᠡ ᠮᠡᠳᠡᠭᠦᠯᠦᠨ ᠨᠠᠭᠠᠳᠤᠮ ᠤᠨ ᠲᠠᠯᠠᠪᠠᠢ ᠳᠤ ᠢᠷᠠᠵᠤ ᠰᠠᠶᠢᠨ ᠲᠤᠷ᠎ᠠ ᠶᠢᠨ ᠠᠵᠢᠯᠯᠠᠭ᠎ᠠ ᠥᠷᠨᠢᠭᠦᠯᠦᠭᠰᠡᠨ ᠶᠤᠮ᠃        ᠪᠤᠯᠪᠠᠰᠤᠨ ᠤ ᠦᠢᠯᠠᠳᠦᠯᠭᠡ ᠶᠢᠨ ᠰᠠᠶᠢᠨ ᠳᠤᠷᠠᠴᠤᠳ ᠣᠷᠤᠯᠳᠤᠭᠠᠨ ᠤ ᠲᠠᠯᠠᠪᠠᠢ ᠶᠢᠨ ᠲᠤᠳᠤᠨ᠎ᠠ ᠭᠠᠳᠠᠨ᠎ᠠ ᠢᠶᠠᠷ ᠠᠵᠢᠯᠯᠠᠨ᠂ ᠪᠣᠯᠪᠠᠰᠤᠨ ᠤ ᠰᠢᠨ᠎ᠡ ᠬᠡᠪ ᠰᠤᠷᠳᠠᠯ ᠤᠨ ᠢᠳᠡᠪᠬᠢ ᠬᠦᠴᠦᠨ ᠤ ᠳᠠᠮᠵᠢᠭᠤᠯᠤᠭᠴᠢ᠂ ︽ᠣᠳᠣᠷ︾ ᠤᠨ ᠤᠬᠠᠭᠤᠯᠤᠨ ᠳᠠᠶᠢᠯᠪᠤᠷᠢᠯᠠᠭᠴᠢ᠂ ᠣᠯᠠᠨ ᠲᠦᠮᠡᠨ ᠤ ᠪᠤᠯᠪᠠᠰᠤᠨ ᠤ ᠦᠢᠯᠡᠳᠦᠯᠭᠡ ᠶᠢᠨ ᠰᠢᠨ᠎ᠡ ᠬᠡᠪ ᠰᠤᠷᠳᠠᠯ ᠤᠨ ᠬᠠᠯᠠᠭᠤᠨ ᠲᠠᠶᠢᠯᠪᠤᠷᠢᠯᠠᠭᠴᠢ ᠪᠣᠯᠵᠤ᠂ ᠣᠬᠠᠭᠤᠯᠭ᠎ᠠ ᠶᠢᠨ ᠬᠠᠭᠤᠳᠠᠰᠤ ᠳᠠᠷᠠᠬᠠᠭᠠᠬᠤ᠂ ᠪᠡᠯᠡᠭ ᠰᠡᠯᠲᠠ ᠬᠦᠷᠭᠡᠬᠦ᠂ ᠬᠤᠭ ᠨᠣᠪᠰᠢ ᠶᠢ ᠳᠡᠭᠦᠵᠦ ᠠᠷᠢᠯᠭᠠᠬᠤ ᠵᠡᠷᠭᠡ ᠠᠵᠢᠯᠯᠠᠭ᠎ᠠ ᠪᠠᠷ ᠢᠶᠠᠨ ᠳᠠᠮᠵᠢᠭᠤᠯᠤᠨ ᠥᠪᠡᠷ ᠤᠨ ᠬᠦᠴᠦᠨ ᠴᠢᠳᠠᠯ᠂ ᠬᠠᠷᠠᠮ ᠦᠭᠡᠢ ᠵᠣᠷᠢᠭᠤᠯᠤᠯ ᠪᠣᠯᠣᠨ ᠬᠠᠯᠠᠭᠤᠨ ᠰᠡᠳᠬᠢᠯ ᠢᠶᠠᠷ ᠢᠶᠠᠨ ᠨᠠᠭᠠᠳᠤᠮ ᠤᠨ ᠲᠠᠯᠠᠪᠠᠢ  ᠶᠢᠨ ᠪᠥᠬᠦ ᠬᠡᠰᠡᠭ ᠲᠤ ᠪᠣᠯᠪᠠᠰᠤᠨ ᠢ ᠦᠢᠯᠡᠳᠦᠯᠭᠡᠵᠢᠭᠦᠯᠦᠨ ᠬᠦᠷᠭᠡᠵᠡᠢ᠃
       ᠣᠶᠢᠯᠠᠭᠠᠭᠰᠠᠨ ᠢᠶᠠᠷ᠂ ᠲᠣᠰ ᠤᠳᠠᠭᠠᠨ ᠤ ᠨᠠᠭᠠᠳᠤᠮ ᠤᠨ ᠪᠣᠯᠪᠠᠰᠤᠨ ᠤ ᠦᠢᠯᠡᠳᠦᠯᠭᠡ ᠶᠢᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠭᠢ ᠨᠢ ᠬᠤᠰᠢᠭᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ︽ᠶᠢᠦ ᠢ π︾ ᠠᠴᠠ ᠲᠣᠮᠢᠯᠠᠭᠰᠠᠨ ᠰᠢᠨ᠎ᠡ ᠣᠶᠤᠳᠠᠨ ᠤ ᠣᠶᠢᠯᠡᠳᠦᠯᠭᠡ ᠶᠢᠨ ᠠᠩᠭᠢ ᠪᠠᠶᠢᠵᠤ᠂ ᠠᠷᠤ ᠬᠤᠷᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠨᠢ ︽ᠶᠢᠦ ᠢ π︾ ᠦᠢᠯᠡᠴᠢᠯᠡᠭᠡᠨ ᠤ ᠲᠥᠷᠦᠯ ᠲᠡᠮᠳᠡᠭ ᠢ ᠶᠠᠭ ᠴᠢᠷᠮᠡᠶᠢᠨ ᠡᠭᠦᠣᠡᠴᠤ ᠪᠤᠢ᠃ ᠲᠣᠰ ᠲᠥᠷᠦᠯ ᠲᠡᠮᠳᠡᠭ ᠤᠨ ᠠᠵᠢᠯᠯᠠᠭ᠎ᠠ ᠨᠢ ︽ᠬᠠᠶᠢᠷ᠎ᠠ ᠬᠠᠯᠠᠮᠵᠢ ᠦᠵᠡᠭᠦᠯᠬᠦ᠂ ᠨᠠᠶᠢᠳᠠ ᠶᠢᠨ ᠠᠰᠠᠷᠠᠮᠵᠢ  ᠶᠢᠨ ᠴᠢᠨᠠᠷᠲᠠᠢ᠂ ᠪᠣᠯᠪᠠᠰᠤᠨ ᠤ ᠰᠢᠨ᠎ᠡ ᠦᠷᠨᠢᠯᠳᠡ ᠭᠠᠷᠭᠠᠬᠤ︾ ᠣᠶᠢᠯᠠᠭᠠᠡᠡᠳᠠᠬᠤᠨ ᠤ ᠲᠣᠭᠤᠷᠢᠨ ᠳᠤ ᠬᠠᠨᠳᠤᠯᠭᠠᠲᠤ ᠴᠢᠨᠠᠷ ᠲᠠᠢ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ᠂ ᠪᠣᠳᠠᠲᠤ ᠠᠴᠢ ᠬᠤᠯᠪᠣᠭᠳᠠᠯ ᠪᠦᠬᠦᠢ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠦᠷᠦᠯ ᠵᠦᠢᠯ ᠢ ᠪᠠᠶᠢᠩᠭᠤ ᠥᠷᠨᠢᠭᠦᠯᠦᠨ᠂ ᠨᠢᠭᠡᠳᠦᠯᠲᠡᠢ ᠲᠥᠯᠥᠪᠯᠡᠨ  ᠵᠣᠬᠢᠴᠠᠭᠤᠯᠵᠤ᠂ ᠪᠥᠬᠦ ᠬᠤᠰᠢᠭᠤᠨ ᠤ ᠡᠯ᠎ᠡ ᠭᠠᠵᠠᠷ ᠤᠨ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠠᠨ ᠤᠯᠠᠨ ᠲᠠᠰ ᠳᠠᠪᠠᠭ᠋ᠤᠷᠭ᠎ᠠ ᠶᠢᠨ᠂ ᠪᠣᠰᠤᠭ᠎ᠠ ᠴᠤᠭᠴᠠᠲᠤ ᠬᠡᠯᠪᠡᠷᠢ ᠪᠠᠷ ᠠᠳᠠᠯᠢ ᠪᠤᠰᠤ ᠪᠣᠯᠪᠠᠰᠤᠨ ᠤ ᠦᠢᠯᠡᠳᠦᠯᠭᠡ ᠶᠢᠨ ᠡᠩᠨᠡᠭᠡ ᠶᠢ ᠲᠣᠮᠢᠯᠠᠵᠦ᠂ ᠠᠷᠤ ᠬᠤᠷᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ  ᠤ ᠦᠢᠯᠡᠳᠦᠯᠭᠡ ᠶᠢᠨ ᠣᠡᠴᠠᠯᠢᠡᠡᠳᠤ ᠰᠣᠶᠣᠯ ᠢ ᠪᠦᠲᠦᠭᠡᠨ ᠪᠠᠶᠢᠭᠤᠯᠵᠤ᠂ ᠪᠣᠯᠪᠠᠰᠤᠨ ᠤ ᠦᠢᠯᠡᠳᠣᠯᠭᠡ ᠶᠢᠨ ᠣᠷᠢᠶᠠᠯᠠᠬᠤ ᠬᠦᠴᠦᠨ᠂ ᠪᠦᠲᠦᠭᠡᠬᠦ ᠬᠦᠴᠦᠨ ᠢ ᠢᠯᠡᠷᠡᠭᠦᠯᠵᠦ᠂ ᠪᠥᠬᠦ ᠬᠤᠰᠢᠭᠤᠨ ᠤ ᠪᠣᠯᠪᠠᠰᠤᠨ ᠤ ᠦᠢᠯᠡᠳᠦᠯᠭᠡ  ᠶᠢᠨ ᠬᠢᠷᠢ ᠲᠦᠪᠰᠢᠨ ᠢ ᠲᠠᠬᠢᠨ ᠰᠢᠨ᠎ᠡ ᠳᠡᠭᠳᠡᠷ ᠲᠤ ᠭᠠᠷᠭᠠᠬᠤ ᠳᠤ ᠬᠦᠴᠦᠨ ᠨᠡᠮᠡᠷᠢᠯᠡᠬᠦ ᠪᠣᠯᠣᠨ᠎ᠠ᠃ ︵ᠭᠤᠸᠠᠨ ᠰᠢᠶᠣᠣ ᠳ᠋ᠦᠩ᠂ ᠳ᠋ᠦᠩ ᠱᠤᠸᠠᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号