| | 7 ᠰᠠᠷ᠎ᠠ ᠶᠢᠨ 27 ᠤ ᠡᠳᠦᠷ᠂ ᠠᠷᠤ ᠬᠤᠷᠴᠢᠨ ᠬᠤᠰᠢᠭᠤ ᠶᠠᠳᠠᠭᠤ ᠠᠴᠠ ᠠᠩᠭᠢᠵᠢᠷᠠᠭᠤᠯᠠᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠠᠬᠤ ᠯᠤᠭ᠎ᠠ ᠪᠦᠳᠦᠮᠵᠢᠲᠡᠢ ᠵᠣᠯᠭᠠᠭᠤᠯᠠᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠤᠨ ᠬᠠᠪᠰᠤᠷᠣᠨ ᠲᠡᠳᠬᠦᠬᠦ ᠭᠠᠵᠠᠷ ᠤᠨ ᠳᠠᠷᠤᠭ᠎ᠠ ᠯᠥᠸᠧ ᠯᠢ᠂ ᠬᠤᠰᠢᠭᠤᠨ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ᠂ ᠤᠯᠠᠭᠠᠬᠠᠬᠠᠳᠠ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠳᠢᠶᠧ ᠬᠤᠷᠠᠯ ᠳᠤ ᠣᠷᠣᠯᠴᠠᠵᠤ᠂ ᠬᠤᠰᠢᠭᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠰᠠᠨ ᠵᠢᠱᠢᠭᠳᠡᠭᠴᠢ ᠮᠤ᠋ ᠬᠦᠸᠧ ᠳ᠋ᠦᠩ ᠬᠤᠷᠠᠯ ᠳᠤ | ᠣᠷᠣᠯᠴᠠᠭᠰᠠᠨ ᠪᠦᠭᠡᠳ ᠬᠤᠷᠠᠯ ᠢ ᠡᠷᠬᠢᠯᠡᠪᠡ᠃ | | | | ᠥᠪᠡᠷᠲᠡᠭᠡᠨ ᠵᠠᠰᠠᠬᠤ ᠣᠷᠣᠨ ᠤ ᠲᠡᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠬᠠᠪᠰᠤᠷᠣᠨ ᠲᠡᠳᠬᠦᠬᠦ ᠭᠠᠵᠠᠷ ᠤᠨ ᠲᠠᠷᠤᠭ᠎ᠠ ᠯᠥᠸᠧ ᠯᠢ ᠬᠤᠷᠠᠯ ᠳᠤ ᠤᠷᠤᠯᠴᠬᠠᠰᠡᠤᠨ | ᠲᠤ ᠶᠠᠳᠠᠭᠤ ᠠᠴᠠ ᠠᠩᠭᠢᠵᠢᠷᠠᠭᠤᠯᠠᠬᠤ ᠪᠤᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠣᠡᠭᠡᠬᠦ | ᠶᠢ ᠬᠥᠳᠡᠭᠡ ᠲᠤᠰᠬᠤᠨ ᠢ ᠬᠥᠭᠵᠢᠭᠦᠯᠦᠨ ᠮᠠᠡᠳᠣᠭᠤᠯᠬᠤ ᠯᠤᠭ᠎ᠠ ᠪᠦᠲᠦᠮᠵᠢᠲᠡᠢ ᠵᠤᠯᠭᠠᠭᠤᠯᠤᠭᠰᠠᠨ ᠤ ᠳᠠᠷᠠᠭᠠᠬᠢ | ᠦᠨᠡᠯᠡᠨ ᠵᠢᠱᠢᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠨᠠᠷᠢᠨ ᠳᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ | ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠪᠰᠤᠷᠤᠨ | ᠲᠡᠳᠬᠦᠬᠦ ᠬᠠᠵᠠᠷ ᠤᠨ ᠺᠠᠳ᠋ᠷ ᠰᠦᠩ ᠰᠢᠶᠠᠨ ᠵᠢᠶᠦ᠋ᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠳᠡᠬᠢᠨ ᠶᠠᠳᠠᠭᠤᠷᠠᠬᠤ ᠠᠴᠠ ᠰᠡᠷᠭᠡᠶᠢᠯᠡᠬᠦ ᠬᠦᠳᠡᠯᠤᠩᠭᠦᠢ ᠬᠢᠨ᠋ᠨ ᠬᠡᠮᠵᠢᠯᠲᠡ ᠪᠠ ᠬᠠᠪᠰᠤᠷᠤᠨ ᠲᠡᠣᠡᠬᠦᠬᠦ ᠬᠠᠮᠢᠶ᠎ᠠ | ᠪᠦᠬᠦᠢ ᠲᠥᠷᠥ ᠶᠢᠨ ᠪᠣᠳᠤᠯᠭ᠎ᠠ ᠳᠤ ᠲᠡᠶᠢᠯᠤᠮᠵᠢ ᠬᠢᠪᠡ᠃ | | | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ | ᠲᠠᠨᠢᠯᠲᠡ ᠪᠠᠨ ᠳᠡᠭᠡᠭᠰᠢᠯᠡᠭᠦᠯᠵᠦ᠂ ᠤᠯᠤᠰ ᠲᠥᠷᠥ ᠶᠢ ᠡᠷᠬᠢᠮᠯᠡᠬᠦ ᠥᠨᠳᠥᠷᠴᠡ᠂ ᠠᠯᠤᠰ ᠬᠡᠲᠦ ᠳᠤ ᠠᠰᠢᠭᠲᠠᠢ | ᠪᠠᠶᠢᠬᠤ ᠲᠠᠯ᠎ᠠ ᠠᠴᠠ ᠨᠠᠶᠢᠳᠠᠪᠤᠷᠢᠵᠢᠭᠤᠯᠤᠯᠲᠠ ᠶᠢ ᠠᠣᠡᠬᠤᠨ᠂ ᠶᠠᠳᠠᠭᠤ ᠠᠴᠠ ᠠᠩᠭᠢᠵᠢᠷᠡᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠤᠰᠬᠤᠨ ᠢ ᠬᠥᠭᠵᠢᠭᠦᠯᠦᠨ | ᠮᠠᠡᠳᠣᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠪᠠᠷ ᠤᠯᠤᠰ ᠲᠥᠷᠥ ᠶᠢᠨ ᠬᠢᠨᠡᠯᠲᠠ ᠲᠠᠯᠪᠢᠬᠤ ᠴᠢᠬᠤᠯᠠ | ᠠᠭᠤᠯᠭ᠎ᠠ ᠪᠣᠯᠭᠠᠵᠤ᠂ ᠵᠣᠬᠢᠶᠠᠨ ᠪᠠᠶᠢᠭᠤᠯᠵᠤ ᠤᠳᠤᠷᠢᠣᠡᠬᠤ ᠪᠠᠨ ᠴᠢᠩᠭᠠᠣᠡᠬᠠᠨ᠂ ᠶᠠᠳᠡᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠣᠡᠭᠡᠬᠦ ᠶᠢ ᠬᠥᠳᠡᠭᠡ | ᠲᠤᠰᠬᠤᠨ ᠢ ᠬᠥᠭᠵᠢᠭᠦᠯᠦᠨ ᠮᠠᠡᠳᠣᠭᠤᠯᠬᠤ ᠯᠤᠭ᠎ᠠ ᠪᠦᠳᠦᠮᠵᠢᠲᠡᠢ ᠵᠣᠯᠭᠠᠭᠤᠯᠬᠤ ᠡᠯ᠎ᠡ ᠵᠦᠢᠯ ᠤᠨ ᠡᠭᠦᠷᠭᠡ ᠶᠢ | ᠪᠣᠳᠠᠲᠡᠢ ᠳᠤ ᠨᠠᠶᠢᠳᠡᠪᠣᠷᠢᠵᠢᠭᠤᠯᠬᠤ ᠶᠢ ᠪᠠᠳᠣᠯᠠᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠳᠠᠶᠢᠵᠢᠭᠤᠯᠤᠨ | ᠨᠠᠶᠢᠳᠠᠪᠤᠷᠢᠵᠢᠭᠤᠯᠤᠯᠲᠠ ᠶᠢ ᠠᠣᠡᠬᠤᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠡᠬᠢᠨ | ᠶᠠᠳᠠᠭᠤᠷᠠᠬᠤ ᠠᠴᠠ ᠰᠡᠷᠭᠡᠶᠢᠯᠡᠬᠦ ᠬᠦᠳᠡᠯᠣᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠲᠡᠷᠢᠭᠦᠨ | ᠴᠢᠬᠤᠯᠠ ᠡᠭᠦᠷᠭᠡ ᠪᠣᠯᠭᠠᠵᠤ᠂ ᠴᠠᠭ ᠢᠮᠠᠭᠲᠠ ᠰᠡᠳᠬᠢᠯ ᠳᠡᠭᠡᠨ ᠪᠣᠳᠤᠵᠤ᠂ ᠰᠠᠶᠢᠲᠤᠷ ᠠᠣᠡᠬᠤᠵᠤ᠂ ᠤᠯᠠᠨ | ᠲᠦᠮᠡᠨ ᠤ ᠶᠠᠳᠠᠭᠤ ᠠᠴᠠ ᠠᠩᠭᠢᠵᠢᠷᠠᠵᠦ ᠲᠠᠭᠢᠨ ᠶᠠᠳᠠᠭᠤᠷᠠᠬᠤ ᠦᠭᠡᠢ᠂ ᠶᠠᠳᠠᠭᠤ ᠪᠤᠰᠤ ᠤᠯᠠᠨ ᠲᠦᠮᠡᠨ ᠤ | ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠦ᠂ ᠬᠡᠪᠴᠢᠶᠠᠵᠢᠯ ᠤᠨ ᠴᠢᠨᠠᠷᠲᠡᠢ ᠳᠠᠬᠢᠨ ᠶᠠᠳᠠᠭᠤᠷᠠᠬᠤ ᠪᠠ | ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠥᠳᠳᠡᠷ ᠲᠦᠷᠭᠡᠨ ᠬᠥᠳᠡᠯᠦᠯᠴᠡᠨ | ᠨᠠᠶᠢᠳᠠᠪᠤᠷᠢᠵᠢᠭᠤᠯᠤᠯᠲᠠ ᠶᠢ ᠠᠣᠡᠬᠤᠵᠤ᠂ ᠪᠣᠯᠪᠠᠰᠤᠷᠠᠯ ᠤᠨ ᠳᠤᠮᠲᠠ ᠳᠤᠷᠠᠳᠤᠭᠰᠠᠨ ᠠᠯᠢ ᠤᠯᠠᠨ ᠠᠰᠠᠭᠤᠳᠠᠯ | ᠲᠠᠢ ᠬᠠᠷᠭᠤᠭᠤᠯᠤᠨ ᠦᠵᠡᠵᠦ ᠨᠢᠭᠡ ᠠᠴᠠ ᠵᠦᠢᠴᠢᠯᠡᠨ ᠨᠦᠭᠦᠭᠡ ᠶᠢ ᠮᠡᠳᠡᠵᠦ᠂ ᠴᠡᠭᠴᠡᠯᠡᠨ ᠰᠠᠶᠢᠵᠢᠷᠠᠭᠤᠯᠬᠤ | ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠪᠠᠶᠢᠴᠠᠭᠠᠨ ᠳᠡᠯᠭᠡᠵᠤ᠂ ᠠᠷᠭ᠎ᠠ ᠪᠥᠬᠦᠨ ᠢ ᠰᠦᠪᠡᠭᠴᠢᠯᠡᠨ ᠤᠯᠠᠨ | ᠲᠦᠮᠡᠨ ᠤ ᠣᠷᠣᠯᠭ᠎ᠠ ᠶᠢ ᠳᠡᠭᠡᠭᠰᠢᠯᠡᠭᠦᠯᠦᠨ᠂ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ | ᠢ ᠨᠢ ᠰᠢᠢᠳᠪᠤᠷᠢᠯᠡᠨ᠂ ᠬᠦᠴᠦ ᠪᠠᠨ ᠬᠠᠮᠲᠤᠳᠬᠠᠨ ᠤᠯᠠᠨ ᠲᠦᠮᠡᠨ ᠳᠤ ᠳᠠᠭᠠᠰᠢᠶᠠᠭᠳᠠᠭᠰᠠᠨ ᠠᠷᠠᠳ ᠤᠨ | ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠢ ᠭᠡᠪᠡ᠃ | | | | ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ | ᠬᠠᠷᠢᠭᠤᠴᠠᠯᠭᠠᠳᠠᠨ᠂ ᠲᠤᠬᠠᠶᠢᠯᠠᠭᠰᠠᠨ ᠠᠵᠢᠯ ᠤᠨ ᠭᠤᠤᠯᠯᠠᠭᠴᠢ ᠠᠵᠢᠯᠲᠠᠨ᠂ ᠡᠯ᠎ᠡ ᠰᠤᠮᠤ ᠰᠢᠶᠠᠩ ᠪᠠᠯᠭᠠᠰᠤᠨ ᠤ | ᠭᠤᠣᠯ ᠬᠠᠷᠢᠭᠤᠴᠠᠯᠭᠠᠳᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠳᠠᠨ᠂ ᠬᠥᠳᠡᠭᠡ ᠲᠤᠰᠬᠤᠨ ᠢ ᠬᠥᠭᠵᠢᠭᠦᠯᠦᠨ | ᠮᠠᠡᠳᠣᠭᠤᠯᠬᠤ ᠠᠯᠪᠠᠨ ᠭᠡᠷ ᠤᠨ ᠡᠷᠭᠢᠯᠡᠭᠴᠢ ᠵᠢᠴᠢ ᠲᠤᠬᠠᠶᠢᠯᠠᠭᠰᠠᠨ ᠠᠵᠢᠯ ᠤᠨ ᠠᠵᠢᠯᠲᠠᠨ᠂ ᠡᠯ᠎ᠡ ᠭᠠᠴᠠᠭ᠎ᠠ | ᠲᠤᠰᠬᠤᠨ ᠤ ᠨᠢᠭᠡᠳᠦᠭᠡᠷ ᠱᠦᠵᠢ ᠵᠢᠴᠢ ᠨᠠᠮ ᠤᠨ ᠡᠭᠦᠷ ᠤᠨ ᠱᠥᠵᠢ ᠵᠡᠷᠭᠡ 400 ᠭᠠᠷᠤᠢ ᠬᠥᠮᠥᠨ ᠪᠣᠯᠪᠠᠰᠤᠷᠠᠯ | ᠳᠤ ᠣᠷᠣᠯᠴᠠᠪᠠ᠃ ︵ᠯᠠᠢ ᠬᠤᠸᠠᠨ ᠢᠦᠢ︶ | |