ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠦᠬᠦ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠣᠯᠳᠡ ᠶᠢᠨ ᠬᠠᠮᠠᠭᠠᠯᠠᠯᠲᠠ ᠶᠢᠨ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/7/30
       ᠣᠶᠢᠷ᠎ᠠ ᠶᠢᠨ ᠡᠳᠦᠷ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠳᠡᠳ᠋ ᠡᠷᠭᠢᠯᠡᠭᠴᠢ ᠶᠠᠩ ᠾᠦᠢ ᠶᠠᠨ ᠰᠢᠨᠵᠢᠯᠡᠨ ᠪᠠᠶᠢᠴᠠᠭᠠᠬᠤ ᠲᠤᠭᠤᠶᠢᠯᠠᠩ ᠳᠠᠭᠠᠭᠤᠯᠤᠨ᠂ ᠪᠥᠬᠦ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠮᠠᠭᠠᠯᠠᠯᠲᠠ ︵ᠠᠭᠤᠯᠠ ᠨᠢᠷᠤᠭᠤ ᠶᠢ ᠬᠠᠮᠠᠭᠠᠯᠠᠬᠤ᠂ ᠠᠭᠤᠯᠠ ᠶᠢ ᠰᠡᠷᠭᠦᠭᠡᠨ ᠵᠠᠰᠠᠬᠤ︶ ᠶᠢᠨ ᠠᠵᠢᠯ ᠢ ᠰᠢᠡᠵᠢᠯᠡᠨ ᠪᠠᠶᠢᠴᠠᠭᠠᠵᠤ᠂ ᠬᠤᠰᠢᠭᠤᠨ ᠠᠷᠠᠳ  ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠲᠠᠩ ᠲᠢᠩ ᠲᠢᠩ᠂ ᠬᠤᠰᠢᠭᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠢ ᠰᠢᠭᠤᠢ ᠪᠠ ᠨᠤᠲᠤᠭ ᠪᠠᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠳᠠᠨ ᠰᠢᠨᠵᠢᠯᠠᠨ ᠪᠠᠶᠢᠴᠠᠭᠠᠯᠲᠠ ᠳᠤ ᠣᠷᠣᠯᠴᠠᠪᠠ᠃
       ᠰᠢᠨᠵᠢᠯᠠᠨ ᠪᠠᠶᠢᠴᠠᠭᠠᠬᠤ ᠲᠤᠭᠤᠶᠢᠯᠠᠩ ᠤᠨ ᠬᠢᠨ ᠤᠷᠢᠳ ᠬᠤᠵᠢᠳ ᠴᠢᠪᠠᠭ᠎ᠠ ᠠᠭᠤᠯᠠ ᠴᠡᠴᠡᠷᠯᠢᠭ᠂ ᠰᠢᠨ ᠮᠢᠨ ᠰᠢᠶᠠᠩ ᠤᠨ ᠠᠣᠬᠠᠨ ᠠᠶᠢᠯ ᠲᠤᠰᠬᠤᠨ᠂ ᠬᠤᠨᠲᠤ ᠪᠠᠯᠭᠠᠰᠤ ᠶᠢᠨ ᠳ᠋ᠧᠩ ᠭᠠᠴᠠᠭ᠎ᠠ ᠳᠤ ᠬᠦᠷᠴᠦ᠂ ᠴᠢᠪᠠᠭ᠎ᠠ ᠠᠭᠤᠯᠠ ᠶᠢ ᠰᠡᠷᠭᠦᠭᠡᠨ ᠵᠠᠰᠠᠭᠰᠠᠨ ᠪᠠᠶᠢᠳᠠᠯ᠂ ᠪᠣᠳᠠ ᠮᠣᠳᠣᠨ ᠤ ᠡᠳᠡᠭᠡᠷᠡᠯᠲᠡ ᠶᠢᠨ ᠪᠠᠶᠢᠳᠡᠯ᠂ ᠥᠪᠥᠷ ᠮᠣᠩᠭᠤᠯ ᠤᠨ ᠺᠦᠨ ᠬᠤᠩ ᠠᠭᠤᠷᠬᠠᠢ ᠶᠢᠨ ᠦᠢᠯᠡᠰ ᠤᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ ᠭᠠᠵᠠᠷ ᠰᠢᠨᠵᠢᠯᠡᠭᠡᠨ ᠤ ᠣᠷᠴᠢᠨ ᠳᠤᠭᠤᠷᠢᠨ ᠤ ᠵᠠᠰᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠠᠨ ᠪᠠᠶᠢᠴᠠᠭᠠᠭᠰᠠᠨ ᠪᠥᠭᠡᠳ ᠬᠠᠮᠢᠶ᠎ᠠ ᠪᠦᠬᠦᠢ  ᠬᠠᠷᠢᠭᠤᠴᠠᠯᠭᠠᠳᠠᠨ   ᠠᠴᠠ  ᠬᠢᠭᠰᠡᠨ  ᠬᠠᠷᠢᠭᠤ  ᠮᠡᠳᠡᠭᠦᠯᠦᠯᠲᠡ   ᠶᠢ  ᠰᠣᠨᠣᠰᠪᠠ᠃
       ᠶᠠᠷᠢᠯᠴᠠᠬᠤ ᠬᠤᠷᠠᠯ ᠳᠡᠭᠡᠷ᠎ᠡ᠂ ᠲᠠᠩ ᠲᠢᠩ ᠲᠢᠩ ᠪᠥᠬᠦ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠬᠤᠰᠢᠭᠤᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠷᠢᠭᠤᠴᠠᠯᠭᠠᠳᠠᠨ ᠲᠣᠰ ᠲᠣᠰ ᠠᠵᠢᠯ ᠤᠨ ᠬᠠᠷᠢᠭᠤ ᠮᠡᠳᠡᠭᠦᠯᠦᠯᠲᠡ ᠬᠢᠪᠡ᠃ ᠬᠤᠷᠠᠯ ᠳᠤ ᠣᠷᠣᠯᠴᠠᠭᠰᠠᠨ ᠡᠯ᠎ᠡ ᠲᠥᠯᠥᠭᠡᠯᠡᠭᠴᠢ ᠰᠢᠡᠵᠢᠯᠡᠨ ᠪᠠᠶᠢᠴᠠᠭᠠᠭᠰᠠᠨ ᠪᠠᠶᠢᠳᠠᠯ ᠲᠠᠢ ᠪᠠᠨ ᠤᠶᠠᠯᠳᠤᠭᠤᠯᠤᠨ᠂ ᠪᠥᠬᠦ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠠᠵᠢᠯ ᠢ ᠵᠠᠳᠠᠯᠤᠨ ᠶᠠᠷᠢᠯᠴᠠᠵᠤ᠂ ᠰᠠᠨᠠᠯ ᠰᠠᠨᠠᠭᠤᠯᠭ᠎ᠠ ᠳᠤᠷᠠᠳᠪᠠ᠃
       ᠶᠠᠩ ᠾᠦᠢ ᠶᠠᠨ ᠬᠤᠷᠠᠯ ᠳᠡᠭᠡᠷ᠎ᠡ ᠴᠢᠬᠤᠯᠠᠴᠢᠯᠠᠬᠤ ᠳᠠᠭᠠᠨ᠂ ᠬᠥᠭᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠡᠡᠳᠠᠬᠤᠨ ᠢ ᠢᠳᠡᠪᠬᠢᠲᠡᠢ ᠦᠢᠯᠡᠳᠤᠯᠭᠡᠵᠢᠭᠦᠯᠵᠦ᠂ ᠠᠮᠢ ᠠᠬᠤᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠣᠯᠳᠡ ᠬᠠᠮᠠᠭᠠᠯᠠᠯᠲᠠ ᠪᠣᠯ ᠣᠳᠣ ᠦᠶ᠎ᠡ ᠳᠤ ᠭᠠᠪᠢᠶ᠎ᠠ ᠪᠠᠶᠢᠭᠤᠯᠵᠤ ᠮᠢᠩᠭᠠᠨ ᠦᠶ᠎ᠡ ᠳᠤ ᠠᠰᠢᠭ ᠬᠦᠷᠲᠡᠭᠡᠬᠦ ᠦᠢᠯᠡᠰ ᠪᠣᠯᠬᠤ ᠶᠢ ᠲᠣᠳᠤᠷᠬᠠᠶᠢᠯᠠᠬᠤ ᠬᠡᠷᠡᠭᠲᠡᠢ᠃ ︽ᠬᠤᠶᠠᠷ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠢᠳᠡᠪᠬᠢᠲᠠᠢ ᠡᠭᠦᠳᠦᠨ ᠪᠠᠶᠢᠭᠤᠯᠵᠤ᠂ ᠠᠮᠢ ᠠᠬᠤᠢ ᠶᠢᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠳᠡ ᠶᠢ ᠴᠢᠩᠭᠠᠣᠡᠬᠠᠬᠤ ᠬᠡᠷᠡᠭᠲᠡᠢ᠃ ᠠᠮᠢ ᠠᠬᠤᠢ ᠶᠢ ᠰᠡᠷᠭᠦᠭᠡᠬᠦ ᠵᠢᠴᠢ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠶᠢ ᠢᠳᠡᠪᠬᠢᠲᠡᠢ ᠠᠬᠢᠭᠤᠯᠵᠤ᠂ ᠠᠭᠤᠷᠬᠠᠢ ᠶᠢᠨ ᠭᠠᠵᠡᠷ ᠤᠨ ᠣᠷᠴᠢᠨ ᠲᠤᠭᠤᠷᠢᠨ ᠢ ᠵᠠᠰᠠᠨ ᠰᠡᠷᠭᠦᠭᠡᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠠᠮᠢ ᠠᠬᠤᠢ ᠣᠷᠴᠢᠨ ᠲᠤᠭᠤᠷᠢᠨ ᠤ ᠵᠠᠰᠠᠯᠲᠠ ᠶᠢᠨ ᠶᠡᠭᠡ ᠲᠠᠯ᠎ᠠ ᠶᠢ ᠬᠠᠮᠲᠤ ᠪᠠᠷ ᠪᠠᠶᠢᠭᠤᠯᠤᠶ᠎ᠠ ᠭᠡᠪᠡ᠃ ︵ᠵᠤᠤ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号