97 ᠳᠠᠬᠢ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠡᠠᠰᠢᠷᠡᠮ ᠢᠶᠠᠷ᠂ ᠬᠤᠰᠢᠭᠤᠨ ᠨᠠᠮ ᠤᠨ | ᠬᠤᠷᠢᠶᠠᠨ ᠤ ᠱᠦᠵᠢ ᠸᠧᠢ ᠪᠢᠯᠢᠭ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠴᠧᠨ ᠬᠤ᠋ ᠨᠠᠨ ᠲᠣᠰ ᠲᠣᠰ ᠬᠤᠰᠢᠭᠤᠨ ᠠᠷᠠᠳ ᠤᠨ ᠵᠡᠪᠰᠩᠳᠤ ᠬᠦᠴᠦᠨ ᠤ ᠬᠡᠯᠳᠡᠰ᠂ ᠵᠡᠪᠰᠩᠳᠤ ᠴᠠᠭᠳᠠᠭ᠎ᠠ | ᠶᠢᠨ ᠠᠷᠤ ᠬᠤᠷᠴᠢᠨ ᠬᠤᠰᠢᠭ᠋ᠳ ᠤ ᠳᠤᠮᠳᠠ ᠠᠩᠭᠢ ᠳᠤ ᠬᠦᠷᠴᠦ᠂ ᠴᠡᠷᠢᠭ ᠪᠠᠶᠢᠯᠳᠤᠭᠴᠢᠳ ᠲᠤ ᠪᠠᠶᠠᠷ ᠤᠨ | ᠡᠳᠦᠷ ᠤᠨ ᠮᠡᠨᠳᠦᠴᠢᠯᠡᠯ ᠵᠦᠩᠨᠠᠯ ᠳᠠᠪᠰᠢᠭᠦᠯᠬᠦ ᠶᠢᠨ ᠬᠠᠮᠲᠤ ᠪᠣᠯᠭᠤᠭᠠᠨ ᠲᠣᠬᠤᠨᠢᠭᠤᠯᠪᠡ᠃ | | | | ᠬᠤᠰᠢᠭᠤᠨ ᠠᠷᠠᠳ ᠤᠨ ᠵᠠᠪᠰᠡᠭᠲᠦ ᠬᠦᠴᠦᠨ ᠤ ᠬᠡᠯᠳᠡᠰ ᠲᠤ᠂ ᠸᠧᠢ ᠪᠢᠯᠢᠭ ᠳᠠᠷᠤᠭ᠎ᠠ ᠪᠠᠶᠢᠯᠳᠤᠭᠴᠢᠳ | ᠲᠠᠢ ᠨᠢᠭᠡᠳ ᠨᠢᠭᠡ ᠪᠠᠷ ᠭᠠᠷ ᠠᠣᠡᠬᠤᠵᠤ᠂ ᠬᠤᠰᠢᠭᠤᠨ ᠠᠷᠠᠳ ᠤᠨ ᠵᠠᠪᠰᠡᠭᠲᠦ ᠬᠦᠴᠦᠨ ᠤ ᠬᠡᠯᠳᠡᠰ ᠤᠨ ᠤᠷᠲᠤ | ᠬᠤᠭᠤᠴᠠᠭᠠᠨ ᠤ ᠳᠤᠷᠰᠢ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ᠂ ᠡᠷᠦᠭᠡ ᠶᠢᠨ ᠴᠡᠷᠢᠭ ᠤᠨ ᠪᠣᠯᠪᠠᠰᠤᠷᠠᠯ᠂ | ᠠᠶᠤᠯ ᠭᠠᠮᠰᠢᠭ ᠠᠴᠠ ᠠᠪᠤᠷᠠᠬᠤ ᠠᠵᠢᠯ ᠵᠡᠷᠭᠡ ᠲᠠᠯ᠎ᠠ ᠪᠠᠷ ᠦᠵᠡᠭᠦᠯᠦᠭᠰᠡᠨ ᠬᠤᠪᠢ ᠨᠡᠮᠡᠷᠢ ᠶᠢ ᠬᠦᠢᠴᠡᠳ | ᠨᠣᠳᠡᠯᠠᠪᠠ᠃ ᠲᠡᠷᠡ ᠵᠢᠭᠠᠬᠤ ᠳᠠᠭᠠᠨ᠂ ᠬᠤᠰᠢᠭᠤᠨ ᠠᠷᠠᠳ ᠤᠨ ᠵᠠᠪᠰᠡᠭᠲᠦ ᠬᠦᠴᠦᠨ ᠤ ᠬᠡᠯᠳᠡᠰ ᠡᠯ᠎ᠡ ᠵᠦᠢᠯ ᠤᠨ | ᠴᠡᠷᠢᠭ ᠤᠨ ᠶᠠᠪᠤᠳᠠᠯ ᠤᠨ ᠡᠭᠦᠷᠭᠡ ᠪᠠ ᠴᠡᠷᠢᠭ ᠠᠩᠭᠢ ᠶᠢᠨ ᠪᠥᠬᠦ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢ | ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠬᠠᠮᠲᠤ᠂ ᠣᠷᠣᠨ ᠨᠤᠲᠤᠭ ᠤᠨ ᠪᠦᠳᠦᠭᠡᠨ ᠪᠠᠶᠢᠭᠤᠯᠤᠯᠲᠠ ᠶᠢ | ᠢᠳᠡᠪᠬᠢᠲᠡᠢ ᠳᠠᠡᠮᠵᠢᠵᠦ᠂ ᠪᠠᠴᠢᠮ ᠬᠦᠴᠢᠷ ᠠᠶᠤᠯᠲᠡᠢ ᠬᠦᠨᠳᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ | ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠲᠣᠮᠳᠡ ᠴᠢᠬᠤᠯᠡ ᠦᠢᠯᠡᠳᠦᠯ | ᠦᠵᠡᠭᠦᠯᠪᠡ᠃ ᠠᠷᠠᠳ ᠤᠨ ᠵᠠᠪᠰᠡᠭᠲᠦ ᠬᠦᠴᠦᠨ ᠤ ᠬᠡᠯᠳᠡᠰ ᠤᠨ ᠪᠥᠬᠦ ᠳᠠᠷᠤᠭ᠎ᠠ ᠪᠠᠶᠢᠯᠳᠤᠭᠴᠢᠳ ᠰᠢᠯᠢᠳᠡᠭ | ᠤᠯᠠᠮᠵᠢᠯᠡᠯ ᠢᠶᠠᠨ ᠦᠷᠭᠦᠯᠵᠢᠯᠡᠨ ᠪᠠᠳᠠᠷᠠᠭᠤᠯᠵᠦ᠂ ᠪᠠᠲᠤ ᠴᠢᠩᠭ᠎ᠠ ᠬᠡᠪ ᠰᠤᠷᠳᠠᠯ ᠢᠶᠠᠨ ᠪᠠᠲᠤᠯᠠᠨ᠂ ᠡᠩᠨᠡᠭᠡ ᠶᠢᠨ | ᠳᠠᠶᠢᠴᠢᠨ ᠬᠦᠴᠦᠨ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠲᠠᠰᠤᠷᠡᠯᠲᠡ ᠦᠭᠡᠢ | ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠬᠦᠢᠴᠡᠳᠬᠡᠨ᠂ ᠠᠷᠤ ᠬᠤᠷᠴᠢᠨ ᠬᠤᠰᠢᠭᠤᠨ ᠤ | ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠶᠢ ᠬᠦᠰᠡᠬᠦ ᠶᠢᠨ ᠬᠠᠮᠲᠤ ᠬᠤᠰᠢᠭᠤᠨ ᠨᠠᠮ | ᠤᠨ ᠬᠤᠷᠢᠶ᠎ᠠ᠂ ᠵᠠᠰᠠᠭ ᠤᠨ ᠣᠷᠳᠣᠨ ᠴᠤ ᠥᠩᠭᠡᠷᠡᠭᠰᠡᠨ ᠲᠠᠢ ᠪᠠᠨ ᠠᠲᠠᠯᠢ ᠪᠠᠷ ᠬᠤᠰᠢᠭᠤᠨ ᠠᠷᠠᠳ ᠤᠨ ᠵᠡᠪᠰᠡᠭᠲᠦ | ᠬᠦᠴᠦᠨ ᠤ ᠬᠡᠯᠳᠡᠰ ᠤᠨ ᠬᠥᠭᠵᠢᠯᠲᠡ ᠶᠢ ᠬᠠᠯᠠᠮᠵᠢᠯᠡᠨ ᠳᠡᠮᠵᠢᠵᠦ᠂ ᠦᠢᠯᠡᠴᠢᠯᠡᠭᠡ ᠪᠠᠲᠤᠯᠠᠭ᠎ᠠ ᠶᠢᠨ ᠡᠷᠴᠢᠮ ᠢᠶᠠᠨ | ᠦᠷᠭᠦᠯᠵᠢᠯᠡᠨ ᠴᠢᠩᠭ᠋ᠨᠠᠷᠠᠭᠤᠯᠵᠦ᠂ ᠴᠡᠷᠢᠭ ᠵᠠᠰᠠᠭ ᠴᠡᠷᠢᠭ ᠠᠷᠠᠳ ᠬᠠᠮᠲᠤ ᠪᠠᠷ ᠪᠦᠲᠦᠭᠡᠨ ᠪᠠᠶᠢᠭᠤᠯᠤᠭᠰᠠᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ | ᠪᠠᠶᠢᠳᠡᠯ ᠢ ᠲᠠᠰᠤᠷᠠᠯᠲᠡ ᠦᠭᠡᠢ ᠡᠭᠦᠳᠴᠦ᠂ ᠴᠡᠷᠢᠭ ᠠᠩᠭᠢ ᠣᠷᠣᠨ ᠨᠤᠲᠤᠭ ᠬᠠᠮᠲᠤ ᠪᠠᠷ ᠪᠦᠲᠦᠭᠡᠨ ᠪᠠᠶᠢᠭᠤᠯᠬᠤ | ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠤᠢ ᠪᠣᠯᠭᠠᠠᠬᠤ ᠬᠡᠷᠡᠭᠲᠡᠢ ᠭᠡᠪᠡ᠃ | | | | ᠵᠡᠪᠰᠩᠳᠤ ᠴᠠᠭᠳᠠᠭ᠎ᠠ ᠶᠢᠨ ᠠᠷᠤ ᠬᠤᠷᠴᠢᠨ ᠬᠤᠰᠢᠭᠤᠨ ᠤ ᠳᠤᠮᠳᠠ ᠠᠩᠭᠢ ᠳᠤ᠂ ᠴᠧᠨ ᠬᠤ᠋ ᠨᠡᠨ | ᠳᠠᠷᠤᠭ᠎ᠠ ᠪᠠᠶᠢᠯᠳᠤᠭᠴᠢᠳ ᠤᠨ ᠠᠮᠢᠳᠤᠷᠠᠯ᠂ ᠪᠣᠯᠪᠠᠰᠤᠷᠠᠯ ᠪᠠ ᠠᠵᠢᠯ ᠤᠨ ᠪᠠᠶᠢᠳᠠᠯ ᠢ ᠨᠠᠷᠢᠨ ᠠᠰᠠᠭᠤᠵᠤ᠂ | ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠵᠡᠪᠰᠩᠳᠤ ᠴᠠᠭᠳᠠᠭ᠎ᠠ ᠶᠢᠨ ᠳᠤᠮᠳᠠ ᠠᠩᠭᠢ | ᠶᠢᠨ ᠤᠷᠲᠤ ᠬᠤᠭᠤᠴᠠᠭᠠᠨ ᠤ ᠳᠤᠷᠰᠢ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ | ᠲᠣᠭᠳᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠰᠡᠳᠬᠢᠯᠭᠡ | ᠪᠠᠨ ᠢᠯᠡᠳᠭᠡᠪᠡ᠃ ᠲᠡᠷᠠ ᠵᠢᠭᠠᠬᠤ ᠳᠠᠭᠠᠨ᠂ ᠠᠷᠤ ᠬᠤᠷᠴᠢᠨ ᠬᠤᠰᠢᠭᠤᠨ ᠤ ᠬᠥᠭᠵᠢᠯᠲᠡ ᠥᠷᠭᠡᠨ ᠤᠯᠠᠨ | ᠳᠠᠷᠤᠭ᠎ᠠ ᠪᠠᠶᠢᠯᠳᠤᠭᠴᠢᠳ ᠤᠨ ᠳᠠᠮᠵᠢᠯᠭᠡ ᠬᠠᠪᠰᠣᠷᠣᠯᠭ᠎ᠠ ᠠᠴᠠ ᠰᠠᠯᠵᠤ ᠴᠢᠳᠠᠬᠤ ᠦᠭᠡᠢ᠃ ᠴᠡᠷᠢᠭ ᠠᠩᠭᠢ ᠶᠢᠨ | ᠳᠠᠷᠤᠭ᠎ᠠ ᠪᠠᠶᠢᠯᠳᠤᠭᠴᠢᠳ ᠠᠷᠤ ᠬᠤᠷᠴᠢᠨ ᠬᠤᠰᠢᠭᠤᠨ ᠤ ᠬᠥᠭᠵᠢᠯᠲᠠ ᠶᠢ ᠦᠷᠭᠦᠯᠵᠢᠯᠡᠨ ᠬᠠᠯᠠᠮᠵᠢᠯᠠᠨ ᠳᠠᠮᠵᠢᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠡᠳᠣᠭᠤᠯᠬᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠨᠠᠶᠢᠭᠡᠮ ᠤᠨ | ᠵᠠᠰᠠᠯᠲᠠ᠂ ᠲᠣᠭᠳᠠᠭᠤᠨ ᠢ ᠬᠠᠮᠠᠭᠠᠯᠠᠬᠤ ᠵᠡᠷᠭᠡ ᠠᠵᠢᠯ ᠳᠤ ᠢᠳᠡᠪᠬᠢᠲᠠᠢ ᠣᠷᠣᠯᠴᠠᠨ᠂ ᠠᠷᠦ ᠬᠤᠷᠴᠢᠨ ᠬᠤᠰᠢᠭᠤᠨ | ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠨᠡᠩ ᠶᠡᠭᠡ ᠦᠢᠯᠡᠳᠦᠯ | ᠦᠵᠡᠭᠦᠯᠵᠦ᠂ ᠨᠡᠩ ᠶᠡᠭᠡ ᠬᠤᠪᠢ ᠨᠡᠮᠡᠷᠢ ᠭᠠᠷᠭᠠᠬᠤ ᠶᠢ ᠬᠦᠰᠡᠵᠦ ᠪᠠᠶᠢᠨ᠎ᠠ ᠭᠡᠪᠡ᠃ ︵ᠯᠠᠢ ᠬᠤᠸᠠᠨ ᠢᠦᠢ︶ | |