ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠢᠶᠠᠩᠭᠠᠩ ᠤᠤᠮᠧᠨ ᠳᠤ ᠰᠠᠭᠤᠭ᠎ᠠ ᠭᠡᠰᠢᠭᠦᠳ ᠪᠠ ᠬᠠᠷᠢᠶᠠᠲᠤ ᠨᠠᠷ ᠤᠨ ᠬᠤᠯᠪᠣᠭ᠎ᠠ ᠶᠢᠨ ᠡᠳᠡᠭᠡᠳ ᠤᠨ ᠭᠡᠰᠢᠭᠦᠳ ᠠᠷᠦ ᠬᠤᠷᠴᠢᠨ  ᠳᠤ ᠰᠢᠨᠵᠢᠯᠡᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/7/31
       ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠢᠶᠠᠩᠭᠠᠩ ᠣᠣᠮᠧᠨ ᠳᠠᠶᠢᠸᠠᠨ ᠬᠠᠷᠢᠶᠠᠲᠤ ᠨᠠᠷ ᠤᠨ ᠬᠤᠯᠪᠣᠭ᠎ᠠ ᠠᠪᠬᠤ ᠪᠠ ᠭᠠᠳᠠᠭᠠᠳᠤ ᠶᠠᠪᠤᠳᠠᠯ ᠤᠨ ᠵᠥᠪᠯᠡᠯ ᠤᠨ ᠡᠷᠭᠢᠯᠡᠭᠴᠢ ᠵᠠᠩ ᠪᠦᠸᠧ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠤᠨᠲ ᠤᠨ ᠬᠡᠯᠳᠡᠰ ᠤᠨ ᠳᠡᠳ᠋ ᠲᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠨᠠᠷ ᠤᠨ ᠠᠵᠢᠯ ᠤᠨ ᠠᠯᠪᠠᠨ ᠭᠡᠷ ᠤᠨ ᠡᠷᠭᠢᠯᠡᠭᠴᠢ᠂ ᠨᠢᠭᠡᠳᠦᠭᠡᠷ ᠲᠠᠰ ᠤᠨ ᠲᠣᠭᠤᠷᠢᠨ ᠪᠠᠶᠢᠴᠠᠭᠠᠭᠴᠢ ᠯᠤ᠋ ᠵᠢᠩ ᠳ᠋ᠦᠩ ᠵᠢᠴᠢ ᠰᠢᠶᠠᠩᠭᠠᠩ ᠤᠤᠮᠧᠨ ᠳᠤ ᠰᠠᠭᠤᠭ᠎ᠠ ᠭᠡᠰᠢᠭᠦᠳ ᠪᠠ ᠬᠠᠷᠢᠶᠠᠲᠤ ᠨᠠᠷ ᠤᠨ ᠬᠤᠯᠪᠣᠭ᠎ᠠ ᠶᠢᠨ ᠡᠲᠡᠭᠡᠳ ᠤᠨ ᠭᠡᠰᠢᠭᠦᠳ ᠠᠷᠤ ᠬᠤᠷᠴᠢᠨ ᠬᠤᠰᠢᠭᠤᠨ ᠳᠤ ᠠᠵᠢᠯ ᠪᠠᠶᠢᠴᠠᠭᠠᠪᠠ᠃ ᠤᠯᠠᠭᠠᠬᠠᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠣᠶᠣᠯᠴᠡᠴᠡᠭ᠂ ᠲᠡᠳ᠋ ᠲᠡᠷᠢᠭᠦᠯᠡᠭᠴᠢ ᠸᠠᠩ ᠵᠢᠶᠠᠨ᠂ ᠬᠤᠰᠢᠭᠤᠨ ᠣᠳᠣᠷᠢᠳᠣᠯᠭ᠎ᠠ ᠰᠡᠷᠭᠦᠯᠡᠩ᠂ ᠬᠠᠨ ᠵᠢᠶᠧ᠂ ᠴᠧᠨ ᠢᠦᠢ ᠮᠢᠩ ᠪᠣᠯᠣᠨ ᠤᠳᠬᠳᠪᠠᠶᠠᠷ ᠰᠢᠨᠵᠢᠯᠡᠨ ᠪᠠᠶᠢᠴᠠᠭᠠᠯᠲᠠ ᠳᠤ ᠣᠷᠣᠯᠴᠠᠪᠠ᠃
 
       ᠰᠢᠨᠵᠢᠯᠠᠨ ᠪᠠᠶᠢᠴᠠᠭᠠᠬᠤ ᠲᠤᠭᠤᠶᠢᠯᠠᠩ ᠤᠨ ᠬᠢᠨ ᠤᠷᠢᠳ ᠬᠤᠵᠢᠳ ᠭᠤᠭᠤᠰᠤᠲᠠᠢ ᠬᠠᠨ ᠠᠭᠤᠯᠠ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠠᠶᠢᠭᠠᠯᠢ ᠶᠢᠨ ᠬᠦᠮᠣᠵᠢᠯ ᠤᠨ ᠦᠵᠡᠭᠦᠯᠭᠡ  ᠶᠢᠨ ᠣᠷᠳᠣᠨ᠂ ᠪᠠᠶ᠋ᠬᠠᠦ᠋ᠡᠳᠣᠷ ᠰᠤᠮᠤ ᠶᠢᠨ ᠣᠳᠣᠷ ᠵᠦᠪᠯᠡᠯᠭᠡᠨ ᠤ ᠦᠷᠲᠡᠭᠡ᠂ ᠹᠸᠢ ᠾᠧ ᠣᠶᠣᠡᠴᠢᠯᠬᠠᠰᠡᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠠᠩ᠂ ᠣᠤ ᠮᠥᠷᠡᠨ ᠵᠡᠬᠡᠯᠢ  ᠭᠤᠳᠣᠮᠵᠢ ᠶᠢᠨ ᠵᠢᠣᠢ ᠠᠨ ᠨᠡᠶᠢᠭᠡᠮ ᠲᠤᠭᠤᠷᠢᠭ ᠲᠤ ᠬᠦᠷᠴᠦ᠂ ︽ᠴᠢᠩ ᠦᠨᠡᠨᠴᠢ ᠪᠠᠷ ᠵᠥᠪᠳᠡᠯᠴᠡᠬᠦ︾ ᠠᠵᠢᠯ᠂ ᠠᠮᠢ ᠠᠬᠤᠢ ᠶᠢᠨ ᠬᠠᠮᠠᠭᠠᠯᠠᠯᠲᠠ᠂ ᠬᠠᠷᠢᠶᠠᠲᠤ ᠨᠠᠷ ᠤᠨ ᠠᠵᠢᠯ ᠵᠢᠴᠢ ᠦᠨᠳᠦᠰᠦᠨ ᠱᠠᠳᠦᠨ ᠤ ᠨᠠᠶᠢᠭᠡᠮ ᠲᠣᠭᠤᠷᠢᠭ ᠤᠨ ᠬᠠᠷᠢᠶᠠᠲᠤ ᠨᠠᠷ ᠤᠨ ᠪᠦᠲᠦᠭᠡᠨ ᠪᠠᠶᠢᠭᠤᠯᠤᠯᠳᠠ ᠵᠡᠷᠭᠡ ᠪᠠᠶᠢᠳᠠᠯ ᠢ ᠲᠤᠬᠠᠢ ᠶᠢᠨ ᠭᠠᠵᠡᠷ ᠲᠤᠨᠢ ᠣᠶᠢᠯᠠᠭᠠᠵᠤ᠂ ᠬᠠᠮᠢᠶ᠎ᠠ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠡᠨᠡ ᠬᠤᠭᠤᠴᠠᠭᠠᠨ ᠳᠤ ᠰᠢᠶᠠᠩᠭᠠᠩ ᠤᠤᠮᠧᠨ ᠳᠤ ᠰᠠᠭᠤᠭ᠎ᠠ ᠬᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠯᠪᠠᠰᠤᠷᠠᠯ ᠤᠨ ᠠᠩᠭᠢ ᠡᠷᠬᠢᠯᠡᠪᠠ᠃
       ᠰᠢᠨᠵᠢᠯᠠᠨ ᠪᠠᠶᠢᠴᠠᠭᠠᠬᠤ ᠲᠤᠭᠤᠶᠢᠯᠠᠩ ᠤᠨ ᠬᠢᠨ ᠠᠷᠤ ᠬᠤᠷᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠵᠥᠪᠳᠡᠯᠴᠡᠭᠡ ᠶᠢ ᠥᠨᠳᠦᠰᠦᠨ ᠱᠡᠲᠦ ᠲᠡᠰᠢ ᠥᠷᠭᠡᠳᠭᠡᠬᠦ᠂ ᠠᠮᠢ ᠠᠬᠤᠢ ᠶᠢᠨ ᠣᠷᠴᠢᠨ ᠲᠣᠭᠤᠷᠢᠨ  ᠤ ᠬᠠᠮᠠᠭᠠᠯᠠᠯᠲᠠ ᠵᠢᠴᠢ ᠬᠠᠷᠢᠶᠠᠲᠤ ᠨᠠᠷ ᠤᠨ ᠶᠠᠪᠤᠳᠠᠯ ᠤᠨ ᠠᠵᠢᠯ ᠤᠨ ᠪᠠᠶᠢᠳᠠᠯ ᠢ ᠬᠦᠢᠴᠠᠳ ᠶᠠᠷᠢᠯᠴᠠᠨ ᠰᠣᠯᠢᠯᠴᠠᠪᠠ᠃ ᠠᠷᠤ ᠬᠤᠷᠴᠢᠨ ᠬᠤᠰᠢᠭᠤᠨ ᠤ ︽ᠴᠢᠩ ᠦᠨᠡᠨᠴᠢ ᠪᠠᠷ ᠵᠥᠪᠡᠯᠴᠡᠬᠦ︾ ᠠᠵᠢᠯ ᠨᠢ ᠵᠥᠪᠯᠡᠯᠬᠡᠨ ᠤ ᠡᠮᠣᠨ᠎ᠡ ᠹᠷᠤᠨᠲ ᠤᠨ ᠬᠡᠰᠢᠭᠦᠳ ᠤᠨ ᠬᠠᠯᠠᠭᠤᠨ ᠰᠡᠳᠬᠢᠯᠭᠡ ᠪᠠ ᠠᠮᠢᠵᠢᠷᠡᠯ ᠤᠨ ᠬᠦᠴᠦᠨ ᠢ ᠬᠥᠭᠵᠢᠭᠡᠵᠦ᠂ ᠮᠠᠯᠴᠢᠨ ᠲᠠᠷᠢᠶᠠᠴᠢᠨ ᠤ ᠠᠩᠬᠠᠷᠴᠤ ᠪᠠᠶᠢᠭ᠎ᠠ ᠪᠣᠳᠠᠲᠠᠢ ᠶᠠᠪᠤᠳᠠᠯ ᠢ ᠨᠢᠭᠤᠷᠲᠠᠨ ᠶᠠᠷᠢᠯᠴᠠᠬᠤ ᠪᠠᠷ ᠳᠡᠮᠵᠢᠨ᠂ ᠡᠯ᠎ᠡ ᠲᠠᠯ᠎ᠠ ᠶᠢᠨ ᠬᠢᠨ ᠤ ᠨᠢᠭᠡᠳᠦᠯᠲᠠᠢ ᠬᠠᠮᠲᠤ ᠶᠢᠨ ᠲᠠᠨᠢᠯᠲᠠ ᠲᠠᠢ ᠪᠣᠯᠬᠤ ᠶᠢ ᠠᠬᠢᠭᠤᠯᠵᠤ᠂ ᠠᠷᠠᠳ ᠤᠨ ᠰᠠᠨᠠᠭᠠᠰᠢᠷᠠᠯ ᠢ ᠠᠷᠢᠯᠭᠠᠵᠤ᠂ ᠠᠷᠠᠳ ᠤᠨ ᠬᠦᠴᠢᠷᠳᠠᠯ ᠢ ᠰᠢᠢᠳᠪᠦᠷᠢᠯᠠᠵᠤ᠂ ᠠᠷᠠᠳ ᠤᠨ ᠰᠡᠳᠬᠢᠯ ᠢ ᠣᠯᠣᠭᠰᠠᠨ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃ ᠲᠠᠯ᠎ᠠ ᠨᠤᠲᠤᠨ ᠤᠨ ᠨᠡᠭᠦᠳᠡᠯ ᠮᠠᠯᠵᠢᠯ ᠤᠨ ᠰᠢᠰᠲ᠋ᠧᠮ ᠤᠨ ᠲᠠᠪᠠᠭᠤᠯᠢᠭ ᠲᠤ ᠰᠠᠭᠤᠷᠢᠯᠠᠨ᠂ ᠬᠠᠮᠠᠭᠠᠯᠠᠯᠲᠠ ᠪᠠ ᠬᠥᠭᠵᠢᠯᠲᠡ ᠶᠢᠨ ᠳᠤᠮᠳᠡ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠢ ᠪᠣᠶᠢᠵᠢᠭᠤᠯᠵᠤ᠂ ᠤᠤᠯ ᠦᠨᠦᠷ ᠠᠮᠲᠠ ᠲᠠᠢ ᠨᠡᠭᠦᠳᠡᠯ ᠮᠠᠯᠵᠢᠯ ᠤᠨ ᠰᠣᠶᠣᠯ ᠢ ᠭᠡᠷᠡᠯ ᠰᠠᠴᠤᠷᠠᠩᠭᠤᠢ ︽ᠠᠯᠲᠠᠨ ᠦᠰᠦᠭᠲᠦ ᠫᠠᠶᠢᠰᠡ︾ ᠪᠣᠯᠭᠠᠨ ᠴᠤᠭᠴᠠᠯᠠᠪᠠ᠃ ᠵᠡᠬᠡᠯᠢ ᠬᠤᠳᠤᠮᠵᠢ᠂ ᠨᠡᠶᠢᠭᠡᠮ ᠲᠣᠭᠤᠷᠢᠭ ᠤᠨ ᠠᠵᠢᠯ ᠤᠨ ᠲᠠᠪᠴᠠᠩ ᠪᠠ ᠦᠢᠯᠡᠴᠢᠯᠡᠭᠡᠨ ᠤ ᠴᠢᠳᠠᠮᠵᠢ ᠶᠢ ᠪᠥᠬᠦ ᠲᠠᠯ᠎ᠠ ᠪᠠᠷ ᠪᠠᠳᠠᠷᠠᠭᠤᠯᠵᠤ᠂ ᠬᠠᠷᠢᠶᠠᠲᠤ ᠨᠠᠷ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠦᠢᠯᠠᠳᠤᠯ ᠢ ᠢᠳᠡᠪᠬᠢᠲᠠᠢ ᠪᠠᠳᠠᠷᠠᠭᠤᠯᠵᠤ᠂ ᠵᠣᠬᠢᠶᠠᠨ ᠪᠠᠶᠢᠭᠤᠯᠵᠤ ᠠᠵᠢᠯᠯᠠᠭ᠎ᠠ ᠥᠷᠨᠢᠭᠦᠯᠬᠦ ᠶᠢ ᠨᠠᠷᠢᠯᠢᠭᠵᠢᠭᠤᠯᠤᠨ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠨᠠᠶᠢᠭᠡᠮ ᠲᠣᠭᠤᠷᠢᠭ ᠤᠨ ᠬᠠᠷᠢᠶᠠᠲᠤ ᠨᠠᠷ ᠤᠨ ᠶᠠᠪᠤᠳᠠᠯ ᠢ ᠪᠦᠲᠦᠭᠡᠨ ᠪᠠᠶᠢᠭᠤᠯᠬᠤ ᠠᠵᠢᠯ ᠤᠨ ᠳᠤᠮᠳᠠ᠂ ᠨᠠᠶᠢᠭᠡᠮ  ᠲᠣᠭᠤᠷᠢᠭ ᠲᠤ ᠬᠤᠪᠢ ᠨᠡᠮᠡᠷᠢ ᠦᠵᠡᠭᠦᠯᠬᠦ ᠶᠠᠪᠤᠴᠠ ᠳᠠᠬᠢ ᠪᠠᠶᠡᠴᠢ ᠴᠢᠳᠠᠮᠠᠭᠠᠢ ᠴᠢᠨᠠᠷ ᠢ ᠨᠡᠩ ᠰᠠᠶᠢᠨ ᠪᠠᠳᠠᠷᠠᠭᠤᠯᠵᠤ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠨᠢᠡᠡᠳᠡᠷᠡᠯ ᠤᠨ ᠬᠦᠴᠦᠨ ᠢ ᠴᠢᠩᠭᠠᠷᠠᠭᠤᠯᠤᠭᠰᠠᠨ ᠪᠠᠶᠢᠨ᠎ᠠ ᠭᠡᠵᠡᠢ᠃ ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号