ᠬᠤᠰᠢᠭᠤᠨ ᠤᠯᠤᠰ ᠳᠦᠷᠥ ᠶᠢᠨ ᠵᠥᠪᠯᠡᠯᠭᠡᠨ ︽ᠬᠠᠮᠵᠢᠯᠴᠠᠨ ᠪᠤᠭᠤᠮᠲᠠ ᠰᠢᠪᠲᠤᠯᠬᠤ ᠳᠤ ᠬᠦᠴᠦᠯᠠᠵᠤ᠂ ᠭᠤᠣᠯᠳᠠᠯᠭ᠎ᠠ ᠲᠠᠢ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠡ ᠶᠢ ᠲᠦᠷᠭᠡᠣᠡᠭᠡᠨ ᠠᠬᠢᠭᠤᠯᠬᠤ︾  ᠲᠣᠰᠬᠠᠢ ᠬᠢᠨᠠᠯᠳᠡ ᠳᠠᠯᠪᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/8
       ᠣᠶᠢᠷ᠎ᠡ ᠳᠤ᠂ ᠬᠤᠰᠢᠭᠤᠨ ᠤᠯᠤᠰ ᠳᠦᠷᠦ ᠶᠢᠨ ᠵᠥᠪᠯᠡᠯᠭᠡᠨ ︽ᠬᠠᠮᠵᠢᠯᠴᠠᠨ ᠪᠤᠭᠤᠮᠲᠠ ᠰᠢᠪᠲᠦᠯᠬᠤ ᠳᠤ ᠬᠦᠴᠦᠯᠠᠵᠤ᠂ ᠭᠤᠣᠯᠳᠡᠯᠭ᠎ᠠ ᠲᠠᠢ ᠲᠥᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ︾ ᠲᠤᠰᠬᠠᠢ ᠬᠢᠨᠠᠯᠲᠠ ᠲᠠᠯᠪᠢᠬᠤ ᠠᠵᠢᠯᠯᠠᠭ᠎ᠠ ᠦᠷᠨᠢᠭᠦᠯᠵᠦ᠂ ᠬᠤᠰᠢᠭᠤᠨ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠰᠡᠷᠭᠦᠯᠡᠩ᠂ ᠬᠤᠰᠢᠭᠤᠨ ᠨᠠᠮ ᠤᠨ ᠬᠤᠷᠢᠶᠠᠨ ᠤ  ᠪᠠᠶᠢᠡᠭᠭᠤ ᠶᠢᠨ ᠭᠡᠰᠢᠭᠦᠨ᠂ ᠵᠠᠰᠠᠭ ᠤᠨ ᠤᠷᠳᠤᠨ  ᠤ ᠪᠠᠶᠢᠩᠭᠤ ᠶᠢᠨ ᠲᠡᠳ᠋ ᠲᠠᠷᠤᠭ᠎ᠠ ᠵᠢᠶᠡ ᡁᠢ ᠬᠤᠩ᠂ ᠬᠤᠰᠢᠭᠤᠨ ᠤᠯᠤᠰ ᠳᠥᠷᠦ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠸᠠᠩ ᠶᠢᠨ ᠪᠦᠦ᠂ ᠬᠠᠮᠢᠶ᠎ᠠ ᠪᠥᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃
       ᠲᠤᠰᠬᠠᠢ ᠬᠢᠨᠠᠯᠲᠡ ᠲᠠᠯᠪᠢᠬᠤ ᠠᠵᠢᠯ ᠢ ᠪᠦᠲᠦᠮᠵᠢᠲᠡᠢ ᠦᠷᠨᠢᠭᠦᠯᠬᠦ ᠶᠢ ᠪᠠᠲᠦᠯᠠᠬᠤ ᠶᠢᠨ ᠲᠥᠯᠥᠭᠡ᠂ ᠪᠠᠶᠢᠴᠠᠭᠠᠨ ᠰᠤᠳᠤᠯᠤᠯᠲᠡ ᠬᠢᠬᠦ ᠠᠴᠠ ᠡᠮᠦᠨ᠎ᠠ ᠬᠤᠰᠢᠭᠤᠨ ᠤᠯᠤᠰ ᠲᠥᠷᠦ ᠶᠢᠨ ᠵᠥᠪᠯᠡᠯᠭᠡᠨ ᠠᠴᠠ ᠪᠠᠶᠢᠴᠠᠭᠠᠨ ᠰᠤᠳᠤᠯᠬᠤ ᠲᠣᠭᠤᠶᠢᠯᠠᠩ ᠤᠨ ᠭᠡᠰᠢᠭᠦᠳ ᠲᠤ ᠰᠥᠯᠵᠢᠶᠠᠨ ᠳᠡᠭᠡᠷᠡᠬᠢ ᠪᠣᠯᠪᠠᠰᠤᠷᠠᠯ ᠬᠦᠷᠳᠡᠭᠡᠵᠦ᠂ ᠲᠤᠰ ᠤᠳᠠᠭᠠᠨ  ᠤ ᠪᠠᠶᠢᠴᠠᠭᠠᠨ ᠰᠤᠳᠤᠯᠤᠯᠲᠠ ᠶᠢᠨ ᠬᠠᠮᠢᠶ᠎ᠠ ᠪᠦᠬᠦᠢ ᠠᠭᠤᠯᠭ᠎ᠠ ᠶᠢ ᠬᠦᠢᠴᠡᠳ ᠣᠶᠢᠯᠠᠭᠠᠭᠤᠯᠪᠠ᠃ ᠪᠠᠶᠢᠴᠠᠭᠠᠨ ᠰᠤᠳᠤᠯᠬᠤ ᠲᠣᠭᠤᠶᠢᠯᠠᠩ ᠤᠨ ᠬᠢᠨ ᠤᠷᠢᠳ ᠬᠤᠵᠢᠳ 18 ᠭᠤᠣᠯᠳᠡᠯᠭ᠎ᠠ ᠲᠠᠢ ᠲᠥᠷᠦᠯ ᠵᠦᠢᠯ ᠤᠨ ᠪᠦᠲᠦᠬᠡᠨ ᠪᠠᠶᠢᠭᠤᠯᠤᠯᠲᠡ ᠶᠢᠨ ᠲᠤᠬᠠᠢ ᠶᠢᠨ ᠲᠠᠯᠡᠪᠠᠶ ᠳᠤ ᠬᠥᠨᠵᠡᠭᠡᠶᠢᠷᠠᠵᠦ᠂ ᠲᠦᠷᠦᠯ ᠵᠦᠢᠯ ᠤᠨ ᠬᠠᠷᠢᠭᠤᠴᠠᠯᠭᠠᠲᠡᠨ ᠤ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠳᠦᠷᠦᠯ ᠵᠦᠢᠯ ᠤᠨ ᠠᠬᠢᠴᠠ ᠶᠢᠨ ᠪᠠᠶᠢᠳᠠᠯ᠂ ᠨᠡᠶᠢᠳᠠᠪᠤᠷᠢᠵᠢᠭᠤᠯᠤᠯᠲᠠ ᠶᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠠᠯ ᠪᠣᠯᠤᠨ ᠠᠰᠠᠭᠤᠳᠠᠯ ᠢ ᠭᠤᠣᠯᠳᠠᠯᠭ᠎ᠠ ᠲᠠᠢ ᠣᠶᠢᠯᠠᠭᠠᠪᠠ᠃
       ᠪᠠᠶᠢᠴᠠᠭᠠᠨ ᠰᠤᠳᠤᠯᠤᠯᠲᠠ ᠲᠠᠭᠤᠰᠤᠭᠰᠠᠨ ᠤ ᠲᠠᠷᠠᠭ᠎ᠠ᠂ ᠸᠠᠩ ᠶᠢᠨ ᠪᠦᠦ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠪᠡ᠃ ᠬᠤᠷᠠᠯ ᠳᠡᠭᠡᠷ᠎ᠡ᠂ ᠬᠥᠭᠵᠢᠭᠦᠯᠦᠯᠳᠡ ᠦᠬᠡᠷᠡᠴᠢᠯᠡᠯᠲᠠ ᠶᠢᠨ ᠵᠥᠪᠯᠡᠯ ᠪᠥᠬᠦ ᠬᠤᠰᠢᠭᠤᠨ ᠤ ᠭᠤᠣᠯᠳᠡᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠮᠡᠳᠡᠭᠳᠠᠵᠤ᠂ ᠪᠦᠬᠦ ᠬᠤᠰᠢᠭᠤᠨ ᠤ 10 ᠭᠤᠣᠯᠳᠠᠯᠭ᠎ᠠ ᠲᠠᠢ ᠲᠥᠷᠦᠯ ᠵᠦᠢᠯ ᠤᠨ ᠪᠦᠳᠦᠭᠡᠨ ᠪᠠᠶᠢᠭᠤᠯᠤᠯᠲᠡ ᠶᠢᠨ ᠬᠠᠷᠢᠭᠤᠴᠡᠯᠭᠠᠲᠤ ᠨᠢᠭᠡᠴᠡ ᠠᠴᠠ ᠲᠥᠷᠦᠯ ᠵᠦᠢᠯ ᠤᠨ ᠪᠦᠳᠦᠭᠡᠨ ᠪᠠᠶᠢᠭᠤᠯᠤᠯᠲᠡ ᠶᠢᠨ ᠬᠠᠮᠢᠶ᠎ᠠ ᠪᠦᠬᠦᠢ ᠪᠠᠶᠢᠳᠠᠯ ᠢ ᠬᠠᠷᠢᠭᠤ ᠮᠡᠳᠡᠭᠦᠯᠪᠠ᠃
       ᠬᠤᠷᠠᠯ ᠠᠴᠠ᠂ ᠦᠨᠡᠨ ᠢ ᠪᠠᠷᠢᠮᠳᠠᠯᠠᠨ ᠪᠣᠳᠠᠳᠠᠢ ᠶᠢ ᠡᠷᠬᠢᠮᠯᠡᠵᠤ᠂ ᠤᠯᠤᠰ ᠲᠦᠷᠦ ᠶᠢᠨ ᠵᠥᠪᠯᠠᠯᠭᠡᠨ ᠤ ᠲᠣᠰᠬᠠᠢ ᠬᠢᠨᠠᠯᠲᠡ ᠲᠠᠯᠪᠢᠬᠤ ᠲᠠᠪᠠᠭᠤᠯᠢᠭ ᠦᠢᠯᠡᠳᠦᠯ ᠢ ᠰᠠᠶᠢᠲᠤᠷ ᠪᠠᠲᠠᠷᠠᠭᠤᠯᠵᠤ᠂ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠦᠯ ᠵᠦᠢᠯ ᠤᠨ ᠪᠦᠳᠦᠭᠡᠨ ᠪᠠᠶᠢᠭᠤᠯᠤᠯᠲᠡ ᠶᠢ ᠪᠦᠬᠦ ᠬᠦᠴᠦᠨ ᠢᠶᠠᠷ ᠢᠶᠠᠨ ᠪᠦᠬᠦ ᠬᠤᠷᠳᠤᠴᠠ ᠪᠠᠷ ᠲᠦᠷᠭᠡᠣᠡᠭᠡᠬᠦ ᠳᠤ ᠬᠦᠴᠦᠲᠠᠢ ᠲᠣᠯᠭᠠᠭᠤᠷᠢᠯᠠᠯ ᠬᠠᠩᠭᠠᠬᠤ ᠬᠡᠷᠡᠭᠳᠠᠢ᠃ ᠨᠢᠭ᠌ᠲᠡ ᠠᠴᠠ ᠨᠢᠡᠡᠳᠡ ᠪᠠᠶᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠠᠵᠤ ᠠᠬᠤᠶᠢᠯᠠᠯ ᠯᠤᠭ᠎ᠠ ᠶᠢᠨ ᠣᠯᠤᠯᠴᠠᠭ᠎ᠠ ᠬᠠᠮᠳᠤᠷᠠᠯᠴᠠᠭ᠎ᠠ ᠪᠠᠨ ᠴᠢᠩᠭᠠᠣᠡᠬᠠᠵᠤ᠂ ᠭᠤᠣᠯᠳᠠᠯᠭ᠎ᠠ ᠲᠠᠢ ᠳᠦᠷᠦᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠳᠦᠮᠵᠢ ᠣᠯᠬᠤ ᠶᠢ ᠴᠢᠨ᠋ᠬᠠᠰᠢᠳᠡ ᠠᠬᠢᠭᠤᠯᠬᠤ ᠬᠡᠷᠡᠭᠲᠡᠢ᠃ ᠬᠠᠮᠲᠤ ᠶᠢᠨ ᠲᠠᠨᠢᠯᠲᠠ ᠪᠠᠨ ᠨᠢᠭ᠌ᠳᠡᠠᠷᠠᠭᠤᠯᠵᠤ᠂ ᠭᠤᠣᠯᠳᠠᠯᠭ᠎ᠠ ᠲᠠᠢ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠡ ᠶᠢ ᠴᠢᠬᠤᠯᠠᠴᠢᠯᠡᠨ ᠲᠠᠮᠵᠢᠬᠦ ᠰᠠᠶᠢᠨ ᠰᠠᠶᠢᠬᠠᠨ ᠠᠭᠤᠷ ᠠᠮᠢᠰᠠᠬᠤᠯ ᠢ ᠪᠤᠢ ᠪᠣᠯᠭᠠᠵᠤ᠂ ᠪᠦᠬᠦ ᠬᠤᠰᠢᠭᠠᠳ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠵᠡᠢ᠃ ︵ᠵᠣᠣ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号