ᠰᠠᠭᠰᠤᠨ ᠪᠥᠮᠪᠦᠭᠡ ᠶᠢᠨ ᠬᠤᠯᠪᠣᠭᠠᠲᠤ ᠣᠷᠣᠯᠳᠣᠭᠠᠨ ᠤ ᠡᠮᠣᠨ᠎ᠡ ᠤᠮᠠᠷ᠎ᠠ ᠣᠷᠣᠯᠳᠤᠭᠠᠨ ᠤ ᠲᠣᠭᠤᠷᠢᠭ ᠤᠨ ᠰᠢᠢᠳᠪᠤᠷᠢᠲᠦ ᠤᠷᠤᠯᠳᠤᠭᠠᠨ ᠲᠣᠰ ᠲᠣᠰ ᠡᠬᠢᠯᠡᠯ᠎ᠡ
ᠨᠡᠶᠢᠲᠡᠯᠡᠭᠰᠡᠨ ᠴᠠᠭ᠄
2024/8/1
       7 ᠰᠠᠷ᠎ᠠ ᠶᠢᠨ 30 ᠤ ᠡᠳᠦᠷ᠂ 2024 ᠣᠨ ᠤ ᠠᠷᠦ ᠬᠤᠷᠴᠢᠨ ᠬᠤᠰᠢᠭᠤᠨ ᠤ ︽ᠳᠤᠮᠳᠠᠳᠤ ᠤᠯᠤᠰ  ᠤᠨ ᠵᠦᠩ ᠬᠤᠸ᠋ᠨ ᠬᠤᠨᠲᠠᠭᠠᠳᠤ︾ ᠭᠠᠴᠠᠭ᠎ᠠ ᠲᠣᠰᠬᠤᠨ ᠤ ᠲᠠᠰ ᠤᠨ ᠰᠬᠠᠰᠣᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠡᠮᠦᠨ᠎ᠠ ᠤᠮᠠᠷ᠎ᠠ ᠤᠷᠤᠯᠳᠤᠭᠠᠨ ᠤ ᠲᠣᠭᠤᠷᠢᠭ ᠤᠨ ᠰᠢᠢᠳᠪᠤᠷᠢᠲᠤ ᠤᠷᠤᠯᠳᠤᠭᠠᠨ ᠳᠢᠶᠠᠨ ᠶᠤᠸᠠᠨ ᠪᠡᠶ᠎ᠡ ᠶᠢᠨ ᠲᠠᠮᠢᠷ ᠤᠨ ᠣᠷᠳᠣᠨ ᠪᠠ ᠬᠤᠨᠲᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠲᠣᠰ ᠲᠣᠰ ᠡᠬᠢᠯᠡᠪᠡ᠃
       ᠤᠷᠤᠯᠳᠤᠭᠠᠨ ᠤ ᠲᠣᠬᠠᠢ ᠶᠢᠨ ᠲᠠᠯᠠᠪᠤᠷ ᠲᠤ᠂ ᠤᠷᠤᠯᠳᠤᠭᠠᠨ ᠳᠤ ᠣᠷᠣᠯᠴᠬᠠᠰᠡᠣᠨ ᠴᠤᠭ ᠵᠢᠪᠬᠤᠭ᠎ᠠ ᠲᠡᠭᠦᠯᠳᠡᠷ ᠪᠠᠶᠢᠵᠤ᠂ ᠲᠠᠮᠢᠷᠴᠢᠳ ᠤᠨ ᠪᠦᠮᠪᠦᠭᠡ ᠲᠠᠮᠵᠢᠭᠤᠯᠬᠤ᠂ ᠰᠢᠳᠡᠬᠦ᠂ ᠰᠬᠠᠰᠣᠯᠠᠬᠤ ᠵᠡᠷᠭᠡ ᠬᠥᠳᠡᠯᠭᠡᠬᠡᠨ ᠨᠢ ᠭᠤᠶᠢᠳᠠ ᠰᠠᠶᠢᠬᠠᠨ ᠬᠠᠷᠠᠭᠳᠠᠨ᠂ ᠠᠯᠠᠭ᠎ᠠ ᠲᠠᠰᠢᠯᠲᠠ ᠶᠢᠨ ᠳᠠᠭᠤᠨ ᠪᠠ ᠤᠷᠠᠶᠢᠯᠠᠯ ᠤᠨ ᠳᠠᠭᠤᠨ ᠳᠠᠰᠤᠷᠠᠯᠲᠠ ᠦᠭᠡᠢ ᠴᠤᠤᠷᠢᠶᠠᠳᠤᠵᠤ᠂ ᠤᠷᠤᠯᠳᠤᠭᠠᠨ ᠤ ᠪᠠᠶᠢᠳᠠᠯ ᠶᠡᠷᠦ ᠪᠤᠰᠤ ᠶᠢᠨ ᠬᠤᠷᠴᠠ ᠰᠢᠷᠦᠭᠦᠨ ᠪᠠᠶᠢᠯ᠎ᠠ᠃
       ᠲᠣᠰ ᠤᠳᠠᠭᠠᠨ ᠤ ᠣᠷᠣᠯᠳᠣᠭᠠᠨ ᠳᠤ ᠣᠷᠣᠯᠴᠠᠭᠰᠠᠨ ᠲᠠᠮᠢᠷᠴᠢᠳ ᠪᠣᠯ ᠡᠯ᠎ᠡ ᠠᠵᠢᠯ ᠲᠥᠷᠥᠯ ᠤᠨ ᠬᠢᠨ  ᠤ ᠰᠬᠠᠰᠣᠨ ᠪᠦᠮᠪᠦᠭᠡ ᠶᠢᠨ ᠪᠠᠭ᠋ᠠᠳᠠᠣᠨ ︵ᠮᠠᠯᠴᠢᠨ ᠲᠠᠷᠢᠶᠠᠴᠢᠨ ᠪᠠᠭᠳᠡᠨ᠎ᠠ︶ ᠪᠠᠶᠢᠵᠤ᠂ ᠰᠠᠭᠰᠤᠨ ᠪᠦᠮᠪᠦᠭᠡ ᠨᠠᠭᠠᠣᠡᠬᠤ ᠪᠠᠷ ᠳᠡᠮᠵᠢᠨ ᠬᠠᠮᠲᠤ ᠶᠢᠨ ᠨᠥᠬᠦᠷᠯᠡᠯ ᠢ ᠵᠤᠵᠠᠭᠠᠳᠬᠠᠨ᠂ ᠤᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠤᠷᠮ᠎ᠠ ᠪᠠᠬ᠎ᠠ ᠶᠢ ᠬᠥᠭᠵᠢᠭᠡᠵᠦ᠂ ᠪᠥᠬᠦ ᠬᠤᠰᠢᠭᠤᠨ ᠤ ᠪᠥᠬᠦ ᠠᠷᠠᠳ ᠤᠨ ᠪᠡᠶ᠎ᠡ ᠴᠬᠢᠷᠬᠠᠵᠢᠭᠤᠯᠬᠤ ᠬᠥᠳᠡᠯᠭᠡᠬᠡᠨ ᠤ ᠦᠷᠨᠢᠯᠳᠡ ᠶᠢ ᠶᠡᠭᠡ ᠪᠠᠷ ᠠᠬᠢᠭᠤᠯᠵᠤ᠂ ᠠᠷᠤ ᠬᠤᠷᠴᠢᠨ ᠬᠤᠰᠢᠭᠤᠨ ᠤ ᠨᠠᠶᠢᠭᠡᠮ ᠠᠵᠤ ᠠᠬᠤᠢ ᠶᠢᠨ ᠬᠥᠭᠵᠢᠯᠲᠡ ᠳᠤ ᠰᠠᠭᠤᠷᠢ ᠬᠦᠴᠦᠨ ᠵᠦᠢᠯ ᠢ ᠬᠠᠩᠭᠠᠪᠠ᠃
       ᠣᠶᠢᠯᠠᠭᠠᠭᠰᠠᠨ ᠢᠶᠠᠷ᠂ ᠲᠣᠰ ᠤᠳᠠᠭᠠᠨ ᠤ ᠭᠠᠴᠠᠭ᠎ᠠ ᠲᠣᠰᠬᠤᠨ ᠤ ᠲᠠᠰ ᠤᠨ ᠰᠬᠠᠰᠣᠨ ᠪᠦᠮᠪᠦᠭᠡ ᠶᠢᠨ ᠬᠤᠯᠪᠣᠭᠠᠳᠤ ᠤᠷᠤᠯᠳᠤᠭᠠᠨ ᠤ ᠡᠮᠦᠨ᠎ᠠ ᠤᠮᠠᠷ᠎ᠠ ᠤᠷᠤᠯᠳᠤᠭᠠᠨ ᠤ ᠲᠣᠭᠤᠷᠢᠭ ᠤᠨ ᠰᠢᠢᠳᠪᠤᠷᠢᠲᠤ ᠣᠷᠣᠯᠳᠣᠭᠠᠨ  ᠳᠤ ᠲᠣᠰ ᠲᠣᠰ 8 ᠣᠷᠣᠯᠳᠣᠭᠠᠨ ᠤ ᠠᠩᠭᠢ ᠤᠷᠤᠯᠴᠠᠵᠤ᠂ ᠣᠷᠤᠯᠳᠤᠬᠤ ᠪᠠᠷ ᠳᠠᠮᠵᠢᠨ ᠲᠣᠰ ᠲᠣᠰ ᠳᠡᠷᠢᠭᠦᠨ ᠲᠡᠳ᠋ ᠢ ᠰᠢᠯᠭᠠᠷᠠᠭᠤᠯᠤᠨ ᠬᠤᠯᠪᠣᠭᠠᠳᠤ ᠤᠷᠤᠯᠳᠤᠭᠠᠨ ᠤ ᠡᠴᠦᠰ ᠤᠨ ᠰᠢᠢᠳᠪᠤᠷᠢᠲᠦ ᠤᠷᠤᠯᠳᠤᠭᠠᠨ ᠳᠤ ᠣᠷᠣᠯᠴᠠᠭᠤᠯᠤᠨ᠎ᠠ᠃ ᠡᠴᠦᠰ ᠤᠨ ᠰᠢᠢᠳᠪᠦᠷᠢᠲᠦ ᠤᠷᠤᠯᠳᠤᠭᠠᠨ ᠨᠢ 8 ᠰᠠᠷ᠎ᠠ ᠶᠢᠨ 3- 4 ᠤ ᠡᠳᠦᠷ ᠪᠣᠯᠲᠠᠯ᠎ᠠ᠂ ᠲᠢᠶᠠᠨ ᠶᠤᠸᠠᠨ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠬᠤ ᠪᠣᠯᠣᠨ᠎ᠠ᠃                                             ︵ᠯᠠᠢ ᠴᠦᠨ ᠢᠦᠢ᠂ ᠰᠠᠷᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号