ᠤᠯᠠᠭᠠᠡᠬᠠᠳᠠ ᠬᠤᠲᠠ ᠶᠢᠨ ᠦᠨᠳᠦᠰᠦᠲᠡᠨ ᠤ ᠤᠯᠠᠮᠵᠢᠯᠡᠯᠲᠤ ᠭᠠᠷ ᠤᠷᠠᠯᠠᠯ ᠤᠷᠠᠨ ᠬᠠᠣᠡᠬᠤᠮᠠᠯ ᠤᠨ ᠠᠵᠢᠯᠲᠠᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠣᠷᠣᠯᠳᠤᠭᠠᠨ ᠠᠷᠤ ᠬᠤᠷᠴᠢᠨ ᠬᠤᠰᠢᠭᠤᠨ  ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/1
       ᠠᠵᠢᠯᠲᠠᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠬᠡᠪ ᠪᠣᠯᠪᠠᠰᠤᠷᠠᠯ ᠢ ᠦᠨᠡᠨ ᠬᠦ ᠳᠡᠭᠡᠭᠰᠢᠯᠡᠭᠦᠯᠦᠨ᠂ ᠦᠨᠳᠦᠰᠦᠲᠡᠨ ᠤ ᠣᠯᠠᠮᠵᠢᠯᠠᠯᠳᠣ ᠭᠠᠷ ᠤᠷᠠᠯᠠᠯ ᠤᠷᠠᠨ ᠬᠠᠣᠡᠬᠤᠮᠠᠯ ᠤᠨ ᠤᠷ᠎ᠠ ᠮᠡᠷᠭᠡᠵᠢᠯ ᠢ ᠬᠠᠮᠠᠭᠠᠯᠠᠨ ᠤᠯᠠᠮᠵᠢᠯᠡᠵᠦ᠂ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠷᠠᠨ ᠬᠠᠣᠡᠬᠤᠮᠠᠯ ᠤᠨ ᠦᠢᠯᠡᠳᠬᠦᠨ ᠢᠶᠠᠷ ᠰᠣᠶᠣᠯ ᠵᠢᠭᠤᠯᠴᠢᠯᠡᠯ ᠤᠨ ᠠᠵᠤ ᠦᠢᠯᠡᠰ ᠤᠨ ᠬᠥᠭᠵᠢᠯᠲᠡ ᠳᠤ ᠨᠡᠩ ᠰᠠᠶᠢᠨ ᠢᠳᠡᠪᠬᠢ ᠬᠦᠴᠦᠨ ᠨᠡᠮᠡᠷᠢᠯᠡᠬᠦ ᠶᠢᠨ ᠲᠥᠯᠥᠭᠡ᠂ 7 ᠰᠠᠷ᠎ᠡ ᠶᠢᠨ 30 - 31 ᠤ ᠡᠳᠦᠷ ᠪᠣᠯᠳᠠᠯ᠎ᠠ᠂ ︽︿ᠠᠷᠪᠡᠨ ᠲᠥᠷᠪᠠᠳᠦᠭᠡᠷ ᠳᠠᠪᠤᠨ ᠵᠢᠯ﹀ ᠳᠤ ᠭᠠᠪᠢᠶ᠎ᠠ ᠵᠢᠳᠬᠦᠯ ᠦᠵᠡᠭᠦᠯᠵᠦ᠂ ᠰᠢᠨ᠎ᠠ  ᠠᠶᠠᠨ   ᠳᠤ  ᠡᠷᠡᠮᠡᠭᠡᠶᠢᠯᠠᠨ  ᠣᠷᠣᠭᠰᠢᠯᠡᠶ᠎ᠠ  ︾ ᠤᠯᠠᠭᠠᠡᠬᠠᠳᠠ ᠬᠤᠲᠠ ᠶᠢᠨ ᠦᠨᠳᠦᠰᠦᠲᠡᠨ ᠤ ᠤᠯᠠᠮᠵᠢᠯᠠᠯᠲᠦ ᠭᠠᠷ ᠤᠷᠠᠯᠠᠯ ᠤᠷᠠᠨ ᠬᠠᠣᠡᠬᠤᠮᠠᠯ ᠤᠨ ᠠᠵᠢᠯᠲᠠᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠨᠢ ᠠᠷᠤ ᠬᠤᠷᠴᠢᠨ ᠬᠤᠰᠢᠭᠤᠨ ᠳᠤ ᠶᠠᠪᠤᠭᠳᠠᠭᠰᠠᠨ ᠪᠠᠶᠢᠨ᠎ᠠ᠃ ᠤᠯᠠᠭᠠᠡᠬᠠᠳᠠ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠯᠢ ᠵᠢᠶᠧ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠳᠡᠰ  ᠤᠨ ᠳᠠᠷᠤᠭ᠎ᠠ ᠸᠠᠩ ᠰᠢᠨ ᠾᠦᠢ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠳᠡᠳ᠋ ᠡᠷᠭᠢᠯᠡᠭᠴᠢ᠂ ᠬᠤᠰᠢᠭᠤᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠴᠢᠨ ᠶᠣᠸᠠᠢ ᠬᠥᠸᠧ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠲᠠᠩ ᠲᠢᠩ ᠲᠢᠩ᠂ ᠬᠤᠰᠢᠭᠤᠨ ᠤᠯᠤᠰ ᠲᠥᠷᠥ  ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠢᠦᠢ ᠸᠧᠢ ᠬᠤᠸ᠋ᠨ᠂ ᠤᠯᠠᠭᠠᠡᠬᠠᠳᠠ ᠶᠢᠨ ᠤᠮᠠᠷᠠᠲᠤ ᠶᠢᠨ ᠥᠨᠳᠦᠰᠦᠲᠡᠨ  ᠤ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢᠨ ᠨᠠᠮ ᠤᠨ ᠶᠡᠷᠦᠩᠬᠡᠢ ᠡᠭᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠯᠢᠦ ᠸᠧᠨ ᠴᠢᠩ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
       ᠸᠠᠩ ᠰᠢᠨ ᠾᠦᠢ ᠡᠬᠢᠯᠡᠯᠲᠡ ᠶᠢᠨ ᠶᠣᠰᠣᠯᠠᠯ ᠳᠡᠭᠡᠷ᠎ᠡ ᠤᠭᠳᠣᠯᠭ᠎ᠠ ᠶᠢᠨ ᠦᠭᠡ ᠬᠡᠯᠡᠵᠦ᠂ ᠲᠣᠰ ᠤᠳᠠᠭᠠᠨ ᠤ ᠠᠵᠢᠯᠯᠠᠭᠠᠨ ᠳᠤ ᠣᠷᠣᠯᠴᠠᠬᠤ ᠪᠠᠷ ᠢᠷᠡᠭᠰᠡᠨ ᠯᠢ ᠵᠢᠶᠧ ᠨᠠᠷ ᠪᠣᠯᠣᠨ ᠤᠷᠣᠯᠳᠤᠭᠠᠨ ᠤ ᠬᠢᠨᠠᠭᠴᠢ ᠶᠢᠨ ᠲᠤᠭᠤᠶᠢᠯᠠᠩ᠂ ᠤᠷᠤᠯᠳᠤᠭᠠᠨ ᠳᠤ ᠤᠷᠣᠯᠴᠠᠭᠰᠠᠳ ᠵᠢᠴᠢ ᠠᠬ᠎ᠠ ᠳᠡᠭᠦᠦ ᠬᠤᠰᠢᠭᠤ ᠰᠢᠶᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠬᠢᠨ ᠢ ᠬᠠᠯᠠᠭᠤᠨ ᠢᠶᠠᠷ ᠣᠡᠡᠳᠣᠵᠤ ᠪᠠᠶᠢᠬᠤ ᠪᠠᠨ ᠢᠯᠡᠳᠭᠡᠪᠡ᠃ ᠲᠡᠷᠡ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠤᠷᠤᠯᠳᠤᠭᠠᠨ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠬᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠤᠲᠠᠨ ᠤ ᠰᠢᠯᠢᠳᠡᠭ ᠣᠯᠠᠮᠵᠢᠯᠠᠯᠲᠤ ᠰᠣᠶᠣᠯ ᠢ ᠤᠯᠠᠮᠵᠢᠯᠡᠨ ᠪᠠᠳᠠᠷᠠᠭᠤᠯᠵᠤ᠂ ᠭᠠᠷ ᠤᠷᠠᠯᠠᠯ ᠤᠷᠠᠨ ᠬᠠᠳᠬᠤᠮᠠᠯ ᠤᠨ ᠠᠵᠤ ᠦᠢᠯᠡᠰ ᠤᠨ ᠬᠥᠭᠵᠢᠯ ᠴᠡᠴᠡᠭᠯᠡᠯ ᠢ ᠠᠬᠢᠭᠤᠯᠬᠤ ᠶᠢᠨ ᠲᠥᠯᠥᠭᠡ ᠶᠤᠮ᠃ ᠡᠯ᠎ᠡ ᠣᠷᠣᠯᠴᠠᠭᠰᠠᠳ ᠤᠷ᠎ᠠ ᠴᠢᠳᠠᠪᠤᠷᠢ ᠪᠠᠨ ᠬᠦᠢᠴᠡᠳ ᠢᠯᠡᠷᠡᠭᠦᠯᠬᠦ ᠶᠢᠨ ᠬᠠᠮᠲᠤ ᠲᠣᠰ ᠤᠳᠠᠭᠠᠨ ᠤ ᠣᠷᠣᠯᠳᠣᠭᠠᠨ ᠢᠶᠠᠷ ᠠᠵᠠ ᠲᠣᠬᠢᠶᠠᠯ ᠪᠣᠯᠭᠠᠵᠤ᠂ ᠬᠠᠷᠢᠯᠴᠠᠨ ᠰᠤᠷᠤᠯᠴᠠᠨ ᠲᠣᠷᠰᠢᠯᠭ᠎ᠠ  ᠪᠠᠨ ᠰᠤᠣᠯᠢᠯᠴᠠᠵᠤ᠂ ᠬᠠᠮᠲᠤ ᠪᠠᠷ ᠳᠡᠪᠰᠢᠬᠦ ᠶᠢ ᠬᠦᠰᠡᠭᠰᠡᠨ ᠪᠥᠭᠡᠳ ᠤᠷ᠎ᠠ ᠴᠢᠳᠠᠪᠤᠷᠢ ᠶᠢ ᠣᠯᠠᠮᠵᠢᠯᠠᠨ ᠵᠠᠯᠭᠠᠮᠵᠢᠯᠠᠭᠰᠠᠨ ᠰᠠᠭᠤᠷᠢᠨ ᠳᠡᠭᠡᠷ᠎ᠡ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠲᠡᠨ ᠤ ᠭᠠᠷ ᠤᠷᠠᠯᠠᠯ ᠤᠷᠠᠨ ᠬᠠᠣᠡᠬᠤᠮᠠᠯ ᠢ ᠰᠢᠨ᠎ᠡ ᠠᠮᠢᠵᠢᠷᠡᠯ ᠤᠨ ᠬᠦᠴᠦᠨ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠪᠡ᠃
       ᠡᠬᠢᠯᠡᠯᠲᠡ ᠶᠢᠨ ᠶᠣᠰᠣᠯᠠᠯ ᠳᠡᠭᠡᠷ᠎ᠡ᠂ ᠬᠢᠨᠠᠭᠴᠢᠳ ᠤᠨ ᠳᠠᠷᠤᠭ᠎ᠠ ᠪᠣᠯᠣᠨ ᠣᠷᠣᠯᠳᠤᠭᠠᠨ ᠳᠤ ᠣᠷᠣᠯᠴᠬᠠᠰᠡᠣᠨ ᠤᠨ ᠲᠥᠯᠥᠭᠡᠯᠡᠭᠴᠢ ᠠᠴᠠ ᠲᠣᠰ ᠲᠣᠰ ᠣᠪᠣᠷ ᠢᠶᠠᠨ ᠢᠯᠡᠳᠬᠡᠬᠦ ᠦᠭᠡ ᠬᠡᠯᠡᠵᠦ᠂ ᠯᠢ ᠵᠢᠶᠧ ᠣᠷᠣᠯᠳᠤᠭᠠᠨ ᠡᠬᠢᠯᠡᠭᠰᠡᠨ ᠢ ᠵᠠᠷᠯᠠᠪᠠ᠃
       ᠲᠣᠰ ᠤᠳᠠᠭᠠᠨ ᠤ ᠤᠷᠤᠯᠳᠤᠭᠠᠨ ᠨᠢ ᠤᠨᠤᠯ ᠤᠨ ᠮᠡᠳᠡᠯᠭᠡ ᠪᠠ ᠤᠷ᠎ᠠ ᠴᠢᠳᠠᠪᠤᠷᠢ ᠶᠢᠨ ᠦᠢᠯᠠᠳᠤᠯᠭᠡ ᠶᠢ ᠤᠶᠠᠯᠳᠣᠭᠤᠯᠬᠤ ᠬᠡᠯᠪᠡᠷᠢ ᠪᠠᠷ ᠶᠠᠪᠤᠭᠳᠠᠵᠤ᠂ ᠣᠷᠤᠯᠳᠣᠭᠠᠨ ᠳᠤ ᠣᠷᠣᠯᠴᠬᠠᠰᠡᠣᠨ ᠤᠨᠤᠯ ᠤᠨ ᠮᠡᠳᠡᠯᠭᠡ ᠶᠢᠨ ᠪᠢᠳᠡᠭᠦᠮᠵᠢᠯᠡᠭᠰᠡᠨ ᠪᠢᠷ ᠤᠨ ᠰᠢᠯᠭᠠᠯᠲᠠ ᠳᠤ ᠣᠷᠣᠯᠴᠠᠬᠤ ᠶᠢᠨ ᠬᠠᠮᠲᠤ᠂ ᠭᠤᠤᠯᠯᠠᠨ ᠡᠷᠭᠢᠯᠡᠭᠰᠡᠨ ᠲᠡᠯ᠎ᠠ ᠠᠴᠠ ᠬᠠᠩᠭᠠᠡᠡᠰᠡᠨ ᠬᠠᠳᠬᠤᠮᠠᠯ ᠤᠨ ᠪᠦᠰ ᠪᠠ ᠵᠢᠷᠤᠭ ᠲᠦᠷᠰᠦ ᠪᠠᠷ ᠤᠷ᠎ᠠ ᠴᠢᠳᠠᠪᠤᠷᠢ ᠪᠠᠨ ᠪᠣᠳᠠᠲᠠᠢ ᠦᠢᠯᠡᠳᠦᠯᠭᠡᠵᠢᠭᠦᠯᠦᠨ ᠲᠤᠬᠠᠢ ᠶᠢᠨ ᠲᠠᠯᠠᠪᠠᠢ ᠳᠤ ᠤᠷᠠᠯᠠᠨ ᠬᠠᠣᠡᠬᠤᠪᠠ᠃ ᠭᠤᠶᠢᠳᠡ ᠰᠠᠶᠢᠬᠠᠨ ᠬᠠᠣᠡᠬᠤᠮᠠᠯ ᠤᠨ ᠪᠦᠲᠦᠭᠡᠯ ᠤᠳ ᠨᠢ ᠦᠨᠳᠦᠰᠦᠲᠡᠨ ᠤ ᠤᠯᠠᠮᠵᠢᠯᠠᠯᠲᠤ ᠤᠷᠠᠨ ᠬᠠᠣᠡᠬᠤᠮᠠᠯ ᠤᠨ ᠭᠤᠸ᠎ᠠ ᠰᠠᠶᠢᠬᠠᠨ ᠤ ᠷᠢᠳᠢ ᠰᠢᠳᠢ  ᠶᠢ ᠭᠠᠶᠢᠬᠠᠭᠤᠯᠣᠨ᠂ ᠬᠠᠳᠬᠤᠮᠠᠯᠴᠢ᠊  ᠤᠨ ᠦᠨᠳᠦᠰᠦᠲᠡᠨ ᠤ ᠤᠯᠠᠮᠵᠢᠯᠡᠯᠲᠤ ᠰᠣᠶᠣᠯ ᠢᠶᠠᠨ ᠳᠡᠭᠡᠳᠦᠯᠠᠨ ᠵᠠᠯᠭᠠᠮᠵᠢᠯᠡᠵᠤ᠂ ᠬᠠᠮᠠᠭᠠᠯᠠᠨ ᠬᠥᠭᠵᠢᠭᠦᠯᠬᠦ ᠡᠷᠴᠢ ᠵᠣᠷᠢᠭ ᠢ ᠨᠢ ᠬᠦᠢᠴᠡᠳ ᠢᠯᠡᠷᠡᠭᠦᠯᠪᠡ᠃
       ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠤᠭᠤᠷᠢᠭ ᠠᠴᠠ ᠢᠷᠡᠭᠰᠡᠨ 11 ᠰᠠᠯᠪᠤᠷᠢ ᠠᠩᠭᠢ ᠤᠷᠣᠯᠳᠤᠭᠠᠨ ᠳᠤ ᠤᠷᠣᠯᠴᠠᠵᠤ᠂ ᠤᠷᠣᠯᠳᠤᠭᠰᠠᠨ ᠤ ᠡᠴᠤᠰ ᠲᠤ᠂ ᠠᠷᠤ ᠬᠤᠷᠴᠢᠨ ᠬᠤᠰᠢᠭᠤᠨ ᠤ ᠥᠷᠡᠵᠢᠮᠢᠰ ᠬᠤᠪᠢ ᠬᠥᠮᠥᠨ ᠤ ᠨᠢᠭᠡᠳᠦᠭᠡᠷ ᠲᠡᠰ ᠲᠤ ᠣᠷᠣᠵᠤ᠂ ᠬᠤᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠪᠦᠯᠬᠦᠮ ᠨᠠᠶᠢᠳᠠ ᠶᠢᠨ ᠨᠢᠭᠡᠳᠦᠭᠡᠷ ᠲᠡᠰ ᠲᠤ ᠣᠷᠣᠭᠰᠠᠨ ᠪᠠᠶᠢᠨ᠎ᠠ᠃ ︵ᠵᠣᠣ ᠶᠠ ᠨᠡᠨ᠂ ᠯᠢᠦ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号