ᠠᠷᠤ ᠬᠤᠷᠴᠢᠨ ᠤ ᠭᠤᠭᠤᠰᠤᠳᠠᠢ ᠬᠠᠨ ᠠᠭᠤᠯᠠ ᠶᠢᠨ ᠠᠮᠢᠲᠠᠨ ᠠᠷᠢᠶᠠᠲᠠᠨ ᠵᠢᠴᠢ ᠰᠢᠪᠠᠭᠤᠳ ᠤᠨ ᠴᠢᠬᠤᠯᠠ ᠣᠷᠣᠰᠢᠨ ᠠᠮᠢᠳᠤᠷᠠᠬᠤ ᠭᠠᠵᠠᠷ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ︽ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠴᠢᠬᠤᠯᠠ ᠣᠷᠣᠰᠢᠨ ᠠᠮᠢᠳᠤᠷᠠᠬᠤ ᠭᠠᠵᠠᠷ ᠤᠨ ᠨᠡᠷᠡᠰ ᠤᠨ ᠵᠢᠭᠰᠠᠭᠠᠯᠲᠠ ︵ᠨᠢᠭᠡᠳᠦᠭᠡᠷ ᠪᠦᠯᠦᠭ︶︾ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2024/8/14
     ᠥᠪᠥᠷ ᠮᠣᠩᠭᠤᠯ ᠤᠨ ᠭᠤᠭᠤᠰᠤᠲᠠᠢ ᠬᠠᠨ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠬᠤᠶᠢᠲᠤ ᠬᠡᠰᠡᠭ ᠲᠤ ᠪᠠᠶᠢᠷᠢᠯᠠᠳᠠᠭ᠃ ᠬᠠᠮᠠᠭᠠᠯᠠᠯᠲᠠ ᠶᠢᠨ ᠣᠷᠣᠨ ᠨᠢ ᠠᠷᠤ ᠬᠤᠷᠴᠢᠨ ᠬᠤᠰᠢᠭᠤᠨ ᠤ ᠬᠠᠨ ᠠᠭᠤᠯᠠ ᠶᠢᠨ ᠣᠢ ᠰᠢᠭᠤᠢ ᠶᠢᠨ ᠲᠠᠯᠠᠪᠠᠢ ᠪᠠᠷ ᠭᠤᠣᠯ ᠴᠣᠭᠴᠠ ᠪᠣᠯᠭᠠᠵᠤ᠂ ᠬᠤᠶᠢᠲᠤ ᠲᠠᠯ᠎ᠠ ᠨᠢ ᠠᠷᠤ ᠬᠤᠷᠴᠢᠨ ᠬᠤᠰᠢᠭᠤᠨ ᠤ ᠬᠠᠨᠰᠦ᠋ᠮ᠎ᠡ ᠰᠤᠮᠤ ᠲᠠᠢ ᠬᠥᠷᠰᠢᠯᠡᠵᠦ᠂ ᠡᠮᠦᠨ᠎ᠡ ᠲᠠᠯ᠎ᠠ ᠨᠢ ᠪᠠᠭᠠᠷᠢᠨ ᠵᠡᠭᠦᠨ ᠬᠤᠰᠢᠭᠤ ᠪᠠ ᠠᠷᠤ ᠬᠤᠷᠴᠢᠨ ᠬᠤᠰᠢᠭᠤᠨ ᠤ ᠬᠠᠨᠰᠦ᠋ᠮ᠎ᠡ ᠰᠤᠮᠤ ᠲᠠᠢ ᠵᠠᠯᠭᠠᠯᠳᠤᠵᠤ᠂ ᠵᠡᠭᠦᠨ ᠲᠠᠯ᠎ᠠ ᠪᠠᠷ ᠢᠶᠠᠨ ᠥᠪᠥᠷ ᠮᠣᠩᠭᠤᠯ ᠤᠨ ᠲᠦᠩᠯᠢᠶᠣᠤ ᠬᠤᠲᠠ ᠶᠢᠨ ᠵᠠᠷᠤᠳ ᠬᠤᠰᠢᠭᠤ ᠲᠠᠢ ᠵᠠᠯᠭᠠᠯᠳᠤᠵᠤ᠂ ᠪᠠᠷᠠᠭᠤᠨ ᠲᠠᠯ᠎ᠠ ᠪᠠᠷ ᠢᠶᠠᠨ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠲᠠᠢ ᠬᠥᠷᠰᠢᠯᠡᠵᠦ ᠪᠠᠶᠢᠨ᠎ᠠ᠃ ᠶᠡᠷᠦᠩᠬᠡᠢ ᠲᠠᠯᠠᠪᠠᠢ ᠨᠢ 106284 ᠾᠧᠺᠲ᠋ᠠᠷ᠂ ᠡᠭᠦᠨ ᠳᠤ ᠭᠤᠣᠯ ᠣᠷᠣᠨ ᠤ ᠲᠠᠯᠠᠪᠠᠢ 35594 ᠾᠧᠺᠲ᠋ᠠᠷ ᠪᠠᠶᠢᠵᠤ᠂ ᠬᠠᠮᠠᠭᠠᠯᠠᠯᠲᠠ ᠶᠢᠨ ᠣᠷᠣᠨ ᠤ ᠶᠡᠷᠦᠩᠬᠡᠢ ᠲᠠᠯᠠᠪᠠᠢ ᠶᠢᠨ 33.4% ᠶᠢ ᠡᠵᠡᠯᠡᠵᠦ ᠪᠣᠢ᠃ ᠲᠤᠰ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠣᠯ ᠬᠠᠮᠠᠭᠠᠯᠠᠬᠤ ᠡᠲᠡᠭᠡᠳ ᠨᠢ᠄ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠣᠢ ᠶᠢᠨ ᠠᠭᠤᠯᠠᠨ ᠭᠠᠵᠠᠷ ᠤᠨ ᠨᠡᠶᠢᠲᠡᠯᠢᠭ ᠰᠢᠯᠵᠢᠯᠲᠡ ᠶᠢᠨ ᠪᠦᠰᠡ ᠶᠢᠨ ᠤᠢ ᠰᠢᠭᠤᠢ — ᠲᠠᠯ᠎ᠠ ᠨᠤᠲᠤᠭ ᠤᠨ ᠠᠮᠢ ᠠᠬᠤᠢ ᠶᠢᠨ ᠰᠢᠰᠲ᠋ᠧᠮ ᠤᠨ ᠪᠦᠷᠢᠨ ᠪᠦᠲᠦᠨ ᠴᠢᠨᠠᠷ ᠢ ᠬᠠᠮᠠᠭᠠᠯᠠᠨ᠎ᠠ  ︔ ᠪᠠᠷᠠᠭᠤᠨ ᠯᠢᠶᠣᠤᠾᠧ ᠭᠤᠣᠯ ᠠᠴᠠ ᠡᠬᠢ ᠠᠪᠤᠭᠰᠠᠨ ᠴᠢᠬᠤᠯᠠ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ᠎ᠠ  ︔ ᠲᠤᠰ ᠠᠮᠢ ᠠᠬᠤᠢ ᠶᠢᠨ ᠰᠢᠰᠲ᠋ᠧᠮ ᠳᠤ ᠠᠮᠢᠳᠤᠷᠠᠵᠤ ᠪᠠᠶᠢᠭ᠎ᠠ ᠬᠡᠭᠡᠷ᠎ᠡ ᠶᠢᠨ ᠳᠤᠷᠤᠭ ᠪᠤᠭᠤ ︵ᠵᠡᠭᠦᠨ ᠬᠤᠶᠢᠲᠤ ᠠᠽᠢᠶ᠎ᠠ ᠶᠢᠨ ᠲᠦᠷᠦᠯ︶ ᠶᠢᠨ ᠲᠦᠷᠦᠯ ᠤᠨ ᠰᠦᠷᠦᠭ ᠢ ᠬᠠᠮᠠᠭᠠᠯᠠᠨ᠎ᠠ  ︔ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠰᠢᠪᠠᠭᠤᠨ ᠤ ᠲᠥᠷᠥᠯ ᠤᠨ ᠲᠤᠭᠤᠳᠠᠭ᠂ ᠬᠠᠷ᠎ᠠ ᠥᠷᠪᠢ ᠵᠢᠴᠢ ᠪᠤᠰᠤᠳ ᠬᠤᠪᠣᠷ ᠴᠤᠬᠠᠭ ᠮᠥᠬᠦᠬᠦ ᠰᠢᠬᠠᠭᠰᠠᠨ ᠰᠢᠪᠠᠭᠤᠨ ᠤ ᠲᠥᠷᠥᠯ ᠤᠨ ᠦᠷᠡᠵᠢᠬᠦ ᠭᠠᠵᠠᠷ ᠢ ᠬᠠᠮᠠᠭᠠᠯᠠᠨ᠎ᠠ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号