8 ᠰᠠᠷ᠎ᠠ ᠶᠢᠨ 11 — 12 ᠤᠨ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠳ ᠳᠠᠷᠤᠭ᠎ᠠ ᠴᠧᠨ ᠬᠤ᠋ ᠨᠠᠠ ᠪᠦᠯᠬᠦᠮ ᠳᠠᠭᠠᠭᠤᠯᠤᠨ ᠠᠭᠤᠷᠬᠠᠢ ᠶᠢᠨ ᠠᠵᠤ ᠠᠬᠤᠶᠢᠯᠠᠯ ᠢᠶᠠᠷ | ᠠᠭᠤᠷᠬᠠᠢ ᠶᠢᠨ ᠦᠢᠯᠡᠰ ᠤᠨ ᠠᠵᠤ ᠠᠬᠤᠢ ᠳᠤ ᠲᠤᠰᠬᠠᠢ ᠰᠠᠳᠤᠪᠲᠤ ᠪᠠᠶᠢᠴᠠᠭᠠᠨ ᠰᠤᠳᠤᠯᠤᠯᠲᠠ ᠥᠷᠨᠢᠭᠦᠯᠵᠦ | ᠴᠢᠬᠤᠯᠠᠴᠢᠯᠠᠬᠤ ᠳᠤ ᠪᠠᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠰᠢᠨ᠎ᠡ ᠨᠢᠭᠡ ᠡᠬᠡᠯᠵᠢ ᠶᠢᠨ ᠠᠭᠤᠷᠬᠠᠢ | ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠪᠣᠳᠠᠲᠠᠢ ᠥᠷᠨᠢᠭᠦᠯᠵᠦ᠂ ᠡᠬᠢ ᠪᠠᠶᠠᠯᠢᠭ | ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠭᠤᠷᠬᠠᠢ ᠶᠢᠨ ᠪᠦᠲᠦᠭᠡᠨ ᠪᠠᠶᠢᠭᠤᠯᠤᠯᠲᠠ | ᠶᠢ ᠲᠦᠷᠭᠡᠳᠬᠡᠵᠦ᠂ ᠡᠬᠢ ᠪᠠᠶᠠᠯᠢᠭ ᠤᠨ ᠬᠠᠶᠢᠨ ᠰᠢᠨᠵᠢᠯᠡᠯᠲᠡ ᠶᠢ ᠴᠢᠩᠭᠠᠳᠬᠠᠵᠤ᠂ ᠡᠬᠢ ᠪᠠᠶᠡᠠᠯᠢᠭ ᠢ ᠡᠮᠬᠢᠯᠠᠨ | ᠨᠡᠶᠢᠯᠡᠭᠦᠯᠬᠦ ᠶᠢ ᠠᠬᠢᠭᠤᠯᠵᠤ᠂ ᠪᠥᠬᠦ ᠬᠤᠰᠢᠭᠤᠨ ᠤ ᠠᠭᠤᠷᠬᠠᠢ ᠶᠢᠨ ᠠᠵᠤ ᠠᠬᠤᠢ ᠶᠢᠨ ᠴᠢᠨᠠᠷ ᠰᠠᠶᠢᠲᠡᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | | | | | ᠴᠧᠨ ᠬᠤ᠋ ᠨᠠᠨ ᠨᠠᠷ ᠤᠷᠢᠳ ᠬᠤᠵᠢᠳ ᠴᠢᠶᠠᠨ ᠽᠧ ᠹᠧᠩ ᠠᠭᠤᠷᠬᠠᠢ ᠶᠢᠨ ᠦᠢᠯᠡᠰ᠂ ᠳ᠋ᠧ ᠶᠦᠨ | ᠠᠭᠤᠷᠬᠠᠢ ᠶᠢᠨ ᠦᠢᠯᠡᠰ᠂ ᠰᠢᠨ ᠹᠠ ᠠᠭᠤᠷᠬᠠᠢ ᠶᠢᠨ ᠦᠢᠯᠡᠰ᠂ ᠺᠦᠨ ᠬᠤᠩ ᠠᠭᠤᠷᠬᠠᠢ ᠶᠢᠨ ᠦᠢᠯᠡᠰ᠂ | ᠣᠯᠠᠠᠬᠤᠸᠠ ᠠᠭᠤᠷᠬᠠᠢ ᠶᠢᠨ ᠦᠢᠯᠡᠰ᠂ ᠰᠢᠩ ᠯᠢ ᠠᠭᠤᠷᠬᠠᠢ ᠶᠢᠨ ᠦᠢᠯᠡᠰ᠂ ᠰᠢᠨ᠎ᠡ ᠳᠢᠶᠠᠨ ᠱᠠᠨ ᠠᠭᠤᠷᠬᠠᠢ ᠶᠢᠨ | ᠦᠢᠯᠡᠰ᠂ ᠱᠤᠸᠠᠩ ᠯᠥᠩ ᠠᠭᠤᠷᠬᠠᠢ ᠶᠢᠨ ᠦᠢᠯᠡᠰ ᠵᠡᠷᠭᠡ 14 ᠠᠭᠤᠷᠬᠠᠢ ᠶᠢᠨ ᠠᠵᠤ ᠠᠬᠤᠶᠢᠯᠠᠯ ᠳᠤ ᠬᠦᠷᠴᠤ᠂ | ᠠᠵᠤ ᠠᠬᠤᠶᠢᠯᠠᠯ ᠤᠨ ᠦᠢᠯᠡᠳᠪᠤᠷᠢᠯᠡᠯ ᠡᠵᠡᠩᠨᠡᠯᠲᠡ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠡ ᠪᠣᠯᠤᠨ | ᠠᠭᠤᠷᠬᠠᠢ ᠬᠠᠶᠢᠵᠤ ᠨᠡᠭᠡᠭᠡᠨ ᠮᠠᠯᠳᠠᠬᠤ᠂ ᠡᠬᠢ ᠪᠠᠶᠠᠯᠢᠭ ᠢ ᠠᠮᠢᠯᠠᠭᠤᠯᠬᠤ ᠲᠠᠯ᠎ᠠ ᠳᠤ ᠣᠷᠣᠰᠢᠵᠤ ᠪᠠᠶᠢᠭ᠎ᠠ | ᠬᠦᠴᠢᠷᠳᠡᠯ ᠢ ᠨᠢ ᠨᠠᠷᠢᠨ ᠠᠰᠠᠭᠤᠨ ᠣᠶᠢᠯᠠᠭᠠᠬᠤ ᠶᠢᠨ ᠬᠠᠮᠲᠤ᠂ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ | ᠲᠤᠬᠠᠢ ᠶᠢᠨ ᠲᠠᠯᠠᠪᠤᠷ ᠲᠤ ᠨᠢᠭᠡᠳ ᠨᠢᠭᠡ ᠪᠠᠷ ᠬᠠᠷᠢᠭᠤᠯᠲᠠ ᠥᠭᠴᠡᠢ᠃ | | | | | ᠴᠧᠨ ᠬᠤ᠋ ᠨᠠᠠ ᠴᠢᠬᠤᠯᠠᠴᠢᠯᠠᠭᠰᠠᠨ ᠢᠶᠠᠷ᠂ ᠠᠭᠤᠷᠬᠠᠢ ᠶᠢᠨ ᠠᠵᠤ ᠠᠬᠤᠶᠢᠯᠠᠯ ᠤᠨ ᠠᠵᠢᠯᠯᠠᠭᠠᠨ ᠢ | ᠲᠣᠭᠳᠠᠪᠤᠷᠢᠵᠢᠭᠤᠯᠤᠨ᠂ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠤᠭᠤᠷᠤᠨᠳᠤᠬᠢ | ᠨᠡᠪᠲᠠᠷᠠᠯᠴᠡᠭᠡ ᠰᠣᠯᠢᠯᠴᠠᠭᠠᠨ ᠤ ᠲᠣᠭᠳᠠᠴᠠ ᠶᠢ ᠪᠦᠷᠢᠨᠰᠢᠭᠦᠯᠵᠦ᠂ ᠠᠵᠢᠯ ᠤᠨ ᠲᠣᠬᠢᠷᠠᠭᠤᠯᠤᠯᠲᠠ ᠶᠢ | ᠪᠠᠶᠢᠩᠭᠤᠵᠢᠭᠤᠯᠤᠨ ᠥᠷᠨᠢᠭᠦᠯᠵᠤ᠂ ᠬᠦᠴᠦᠨ ᠵᠦᠢᠯ ᠤᠨ ᠪᠠᠲᠤᠯᠠᠭ᠎ᠠ ᠶᠢ ᠥᠨᠳᠦᠷ ᠪᠠᠷᠢᠮᠵᠢᠶ᠎ᠡ ᠪᠠᠷ ᠰᠠᠶᠢᠳᠦᠷ ᠬᠢᠬᠦ | ᠬᠡᠷᠡᠭᠲᠡᠢ᠃ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠪᠠᠷ ᠠᠵᠤ ᠠᠬᠤᠶᠢᠯᠠᠯ ᠢ | ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠶᠢ ᠲᠣᠭᠳᠠᠪᠤᠷᠢᠵᠢᠭᠤᠯᠤᠨ᠂ ᠵᠠᠬ᠎ᠠ ᠳᠡᠯᠭᠡᠬᠦᠷ ᠢ ᠥᠷᠭᠡᠳᠭᠡᠵᠤ᠂ ᠠᠵᠦ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠬᠠᠮᠠᠭᠠᠯᠠᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ | ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠩᠬᠠᠷᠴᠤ᠂ ᠤᠷᠢᠳᠴᠢᠯᠠᠨ ᠣᠷᠣᠯᠴᠠᠵᠤ᠂ ᠣᠨᠢᠨ ᠳᠡᠭᠡᠷ᠎ᠡ ᠨᠢ | ᠵᠤᠯᠭᠠᠭᠤᠯᠵᠤ᠂ ᠠᠭᠤᠷᠬᠠᠢ ᠮᠠᠯᠲᠠᠬᠤ ᠶᠢ ᠵᠥᠪᠰᠢᠶᠡᠷᠡᠬᠦ᠂ ᠭᠠᠵᠠᠷ ᠰᠢᠷᠣᠢ ᠲᠡᠳᠠᠪᠤᠷᠢᠯᠠᠬᠤ᠂ ᠴᠠᠬᠢᠯᠭᠠᠨ ᠬᠦᠴᠦᠨ | ᠵᠠᠮ ᠬᠠᠷᠢᠯᠴᠠᠭ᠎ᠠ ᠵᠡᠷᠭᠡ ᠶᠢᠨ ᠭᠠᠷᠳᠠᠮ ᠭᠦᠢᠴᠡᠳᠬᠡᠬᠦ ᠪᠠ ᠪᠠᠷᠢᠯᠭ᠎ᠠ ᠪᠠᠷᠢᠬᠤ ᠠᠬᠢᠴᠡ ᠶᠢ ᠲᠦᠷᠭᠡᠳᠬᠡᠵᠦ᠂ ᠲᠦᠷᠦᠯ | ᠵᠦᠢᠯ ᠤᠨ ᠡᠷᠲᠡ ᠠᠴᠠ ᠠᠵᠢᠯ ᠡᠬᠢᠯᠡᠬᠦ᠂ ᠡᠷᠲᠡ ᠠᠴᠠ ᠠᠰᠢᠭᠯᠠᠯᠲᠠ ᠳᠤ ᠣᠷᠣᠬᠤ᠂ ᠡᠷᠲᠡ ᠠᠴᠠ ᠦᠷ᠎ᠡ | ᠪᠦᠲᠦᠮᠵᠢ ᠣᠯᠬᠤ ᠶᠢ ᠪᠠᠲᠦᠯᠠᠬᠤ ᠬᠡᠷᠡᠭᠲᠡᠢ᠃ ᠮᠡᠷᠭᠡᠵᠢᠯ ᠤᠨ ᠦᠭᠡᠷᠡᠴᠢᠯᠡᠯᠲᠡ ᠶᠢᠨ ᠲᠠᠡᠰ ᠳᠡᠪᠰᠢᠭᠦᠯᠬᠦ ᠡᠷᠴᠢᠮ ᠢ | ᠴᠢᠩᠭᠠᠷᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠭᠤᠷᠬᠠᠢ ᠶᠢᠨ ᠠᠵᠤ ᠠᠬᠤᠶᠢᠯᠠᠯ ᠤᠨ | ᠠᠦ᠋ᠲ᠋ᠣᠴᠢᠯᠠᠬᠤ᠂ ᠣᠶᠤᠨᠴᠢᠯᠠᠬᠤ᠂ ᠪᠤᠬᠢᠷᠳᠤᠯ ᠦᠭᠡᠢ ᠪᠣᠯᠭᠠᠨ ᠳᠡᠰ ᠳᠡᠪᠰᠢᠭᠦᠯᠬᠦ ᠦᠭᠡᠷᠡᠴᠢᠯᠡᠯᠲᠡ ᠶᠢᠨ | ᠦᠷᠨᠢᠯᠲᠡ ᠶᠢ ᠠᠬᠢᠭᠤᠯᠵᠤ᠂ ᠠᠭᠤᠷᠬᠠᠢ ᠶᠢᠨ ᠠᠵᠤ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ ᠠᠭᠤᠷᠬᠠᠢ ᠬᠠᠶᠢᠵᠤ ᠨᠦᠭᠡᠴᠡ ᠪᠠᠨ ᠨᠡᠮᠡᠭᠳᠡᠭᠦᠯᠬᠦ ᠠᠬᠢᠴᠠ ᠶᠢ ᠲᠦᠷᠭᠡᠳᠬᠡᠨ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠲᠦᠷᠦᠯ ᠵᠦᠢᠯ ᠪᠠ ᠳᠠᠪᠠᠭᠤᠯᠢᠭ ᠠᠭᠤᠷᠬᠠᠢ ᠶᠢᠨ ᠲᠦᠷᠦᠯ | ᠵᠦᠢᠯ ᠤᠨ ᠲᠣᠭᠤᠷᠢᠨ ᠳᠤ ᠨᠢᠭᠡ ᠪᠦᠯᠦᠭ ᠭᠤᠣᠯᠳᠠᠭ᠎ᠠ ᠲᠠᠢ ᠬᠠᠶᠢᠨ ᠪᠠᠶᠢᠴᠠᠭᠠᠬᠤ ᠣᠷᠣᠨ ᠪᠦᠰᠡ ᠪᠠ ᠠᠭᠤᠷᠬᠠᠢ | ᠬᠠᠶᠢᠬᠤ ᠡᠷᠬᠡ ᠶᠢ ᠲᠦᠪᠯᠡᠷᠡᠭᠦᠯᠦᠨ ᠲᠠᠷᠬᠠᠭᠠᠵᠤ᠂ ᠡᠬᠢ ᠪᠠᠶᠠᠯᠢᠭ ᠤᠨ ᠳᠠᠪᠠᠭᠤᠯᠢᠭ ᠢ ᠦᠨᠡᠨ ᠬᠦ ᠠᠵᠤ ᠠᠬᠤᠢ ᠶᠢᠨ | ᠳᠠᠪᠠᠭᠤᠯᠢᠭ᠂ ᠬᠦᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠠᠭᠤᠷᠬᠠᠢ ᠶᠢᠨ ᠭᠠᠷᠤᠯᠲᠠ ᠶᠢᠨ | ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠲᠦᠯᠬᠢᠨ ᠠᠬᠢᠭᠤᠯᠵᠤ᠂ ᠠᠭᠤᠷᠬᠠᠢ ᠶᠢᠨ ᠠᠵᠤ ᠠᠬᠤᠶᠢᠯᠠᠯ ᠢ ᠬᠦᠲᠦᠯᠦᠨ | ᠵᠢᠯᠤᠭᠤᠳᠴᠣ ᠪᠠᠶᠢᠭᠠᠳ ᠬᠤᠳᠠᠯᠳᠣᠨ ᠠᠪᠴᠤ ᠨᠡᠶᠢᠯᠡᠭᠦᠯᠬᠦ᠂ ᠪᠡᠯᠡ ᠣᠷᠣᠭᠤᠯᠣᠨ ᠬᠤᠪᠢ ᠣᠷᠣᠭᠤᠯᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠵᠢᠵᠢᠭ ᠠᠭᠤᠷᠬᠠᠢ ᠨᠢᠭᠲᠠ ᠲᠦᠪᠯᠡᠷᠡᠭᠰᠡᠨ ᠣᠷᠣᠨ᠂ ᠲᠣᠮᠣ ᠠᠭᠤᠷᠬᠠᠢ ᠶᠢᠨ | ᠵᠢᠵᠢᠭ ᠨᠡᠭᠡᠭᠡᠯᠲᠡ ᠲᠠᠢ ᠠᠭᠤᠷᠬᠠᠢ ᠶᠢᠨ ᠣᠷᠣᠨ ᠢ ᠡᠮᠬᠢᠯᠡᠨ ᠨᠡᠶᠢᠯᠡᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ | ᠬᠤᠷᠢᠭ᠎ᠠ ᠱᠣᠭᠤᠮ ᠤᠨ ᠰᠡᠳᠬᠢᠬᠦᠢ ᠶᠢ ᠪᠠᠲᠤ ᠪᠣᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠣᠭᠤᠮ | ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠣᠭᠤᠮ ᠢ ᠴᠢᠩᠭ᠎ᠠ ᠰᠠᠬᠢᠵᠤ᠂ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠭᠤᠷᠬᠠᠢ ᠶᠢᠨ | ᠦᠢᠯᠡᠰ ᠤᠨ ᠠᠵᠤ ᠠᠬᠤᠢ ᠶᠢᠨ ᠠᠮᠤᠷ ᠲᠥᠪᠰᠢᠨ᠂ ᠲᠣᠭᠲᠠᠭᠤᠨ ᠢᠶᠠᠷ ᠬᠦᠭᠵᠢᠬᠦ ᠶᠢ ᠪᠡᠶᠡᠯᠡᠭᠦᠯᠬᠦ ᠬᠡᠷᠡᠭᠲᠡᠢ | ᠭᠡᠵᠡᠢ᠃ | ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠠ ᠰᠢᠦᠸᠠᠢ ᠲᠤᠣ᠂ ᠬᠤᠰᠢᠭᠤᠨ ᠵᠠᠰᠠᠭ ᠤᠨ | ᠣᠷᠳᠣᠨ ᠤ ᠠᠯᠪᠠᠨ ᠭᠡᠷ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠢ ᠨᠣᠲᠤᠭ ᠪᠡᠯᠴᠢᠭᠡᠷ ᠤᠨ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ ᠵᠢᠴᠢ ᠬᠠᠮᠢᠶ᠎ᠠ ᠪᠦᠬᠦᠢ ᠭᠠᠵᠠᠷ ᠣᠷᠣᠨ ᠤ ᠭᠤᠣᠯ | ᠬᠠᠷᠢᠭᠤᠴᠠᠯᠭᠠᠲᠠᠨ ᠪᠠᠶᠢᠴᠠᠭᠠᠨ ᠰᠣᠳᠣᠯᠣᠯᠲᠠ ᠳᠤ ᠣᠷᠣᠯᠴᠠᠵᠠᠢ᠃ | | |