ᠠᠷᠤ ᠬᠤᠷᠴᠢᠨ ᠬᠤᠰᠢᠭᠤ 2025 ᠣᠨ ᠤ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠢ ᠲᠥᠯᠥᠪᠯᠡᠨ ᠲᠣᠬᠢᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/14
       8 ᠰᠠᠷ᠎ᠠ ᠶᠢᠨ 13 ᠤ ᠡᠳᠦᠷ᠂ ᠠᠷᠤ ᠬᠤᠷᠴᠢᠨ ᠬᠤᠰᠢᠭᠤ 2025 ᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠲᠦᠯᠦᠪᠯᠡᠨ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ᠂ ᠠᠬᠢᠭᠤᠯᠬᠤ ᠠᠷᠭ᠎ᠠ ᠬᠡᠮᠵᠢᠶ᠎ᠠ ᠶᠢ ᠰᠤᠳᠣᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠳᠠᠶᠢᠵᠢᠭᠤᠯᠤᠨ᠂ ᠠᠷᠤ ᠬᠤᠷᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠡ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ  ᠶᠢᠨ ᠳᠡᠳ᠋ ᠳᠠᠷᠤᠭ᠎ᠠ ᠵᠢᠶᠠ ᡁᠢ ᠬᠤᠩ ᠬᠤᠷᠠᠯ ᠳᠤ ᠣᠷᠣᠯᠴᠠᠠᠭᠰᠠᠨ ᠪᠥᠭᠡᠳ ᠬᠤᠷᠠᠯ ᠢ ᠡᠷᠬᠢᠯᠡᠪᠡ᠃        ᠬᠤᠷᠠᠯ ᠠᠴᠠ ᠠᠷᠤ ᠬᠤᠷᠴᠢᠨ ᠬᠤᠰᠢᠭᠤᠨ ᠤ 2025 ᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠯᠡᠭᠰᠡᠨ ᠪᠠᠶᠢᠳᠡᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠦ᠂ ᠡᠯ᠎ᠡ ᠬᠦᠷᠢᠶ᠎ᠡ ᠴᠠᠷᠠᠭ᠎ᠠ ᠶᠢᠨ ᠭᠤᠣᠯᠳᠠᠯᠭ᠎ᠠ  ᠲᠠᠢ ᠳᠦᠷᠥᠯ ᠵᠦᠢᠯ ᠳᠤ ᠨᠢᠭᠡᠳ ᠨᠢᠭᠡ ᠪᠠᠷ ᠵᠠᠳᠠᠯᠤᠯᠲᠠ ᠪᠠ ᠰᠤᠳᠤᠯᠤᠨ ᠮᠠᠭᠠᠳᠯᠠᠯᠲᠠ ᠬᠢᠵᠦ᠂ ᠵᠢᠯᠤᠭᠤᠳᠬᠤ ᠴᠢᠨᠠᠷᠲᠠᠢ ᠰᠠᠨᠠᠯ ᠰᠠᠨᠠᠭᠤᠯᠠᠭ᠎ᠠ ᠳᠤᠷᠠᠳᠤᠭᠰᠠᠨ ᠪᠥᠭᠡᠳ ᠳᠠᠷᠠᠭᠠᠴᠢ ᠶᠢᠨ ᠠᠯᠬᠤᠮ  ᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃
      ᠬᠤᠷᠠᠯ ᠠᠴᠠ ᠴᠢᠬᠤᠯᠠᠴᠢᠯᠠᠭᠰᠠᠨ ᠨᠢ᠂ ᠲᠥᠷᠦᠯ ᠵᠦᠢᠯ ᠢ ᠲᠥᠯᠥᠪᠯᠡᠬᠦ ᠠᠵᠢᠯ ᠪᠣᠯ ᠠᠷᠤ ᠬᠤᠷᠴᠢᠨ ᠬᠤᠰᠢᠭᠤᠨ ᠤ ᠠᠵᠤ ᠠᠬᠤᠢ ᠨᠠᠶᠢᠭᠡᠮ ᠤᠨ ᠲᠦᠷᠭᠡᠨ ᠬᠥᠭᠵᠢᠯᠳ᠋ᠲᠡ᠂ ᠠᠯᠤᠰ ᠬᠡᠲᠦ ᠶᠢᠨ ᠬᠥᠭᠵᠢᠯᠲᠡ ᠶᠢ ᠲᠤᠯᠭᠠᠭᠤᠷᠢᠯᠠᠬᠤ ᠴᠢᠬᠤᠯᠠ ᠰᠠᠭᠤᠷᠢ ᠪᠠᠶᠢᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠢ ᠲᠥᠯᠥᠪᠯᠡᠬᠦ ᠠᠵᠢᠯ ᠢ ᠠᠳᠬᠤᠬᠤ ᠳᠤᠯᠭᠠᠮ᠎ᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠣᠷᠢᠳᠴᠢᠯᠡᠨ ᠲᠥᠯᠥᠪᠯᠨᠵᠤ᠂ ᠡᠷᠲᠡ ᠠᠴᠠ ᠠᠳᠬᠤᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠡ ᠶᠢᠨ ︽ᠰᠠᠨᠠᠭᠠᠴᠢᠯᠠᠭᠠᠲᠤ ᠲᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠳᠦᠷ ᠬᠢᠬᠦ ᠬᠡᠷᠡᠭᠲᠡᠢ᠃ ᠢᠳᠡᠪᠬᠢᠲᠡᠢ ᠪᠠᠷ ᠨᠦᠬᠦᠴᠡᠯ ᠪᠦᠷᠢᠯᠳᠦᠭᠦᠯᠵᠦ᠂ ᠲᠦᠷᠦᠯ ᠵᠦᠢᠯ ᠢ ᠲᠥᠯᠥᠪᠯᠡᠬᠦ ᠳᠤ ᠨᠠᠷᠢᠯᠢᠭ      ᠰᠡᠳᠬᠢᠨ᠂ ᠲᠦᠷᠦᠯ ᠵᠦᠢᠯ ᠢ ᠲᠥᠯᠥᠪᠯᠡᠬᠦ ᠪᠠᠭᠳᠠᠭᠠᠮᠵᠢ᠂ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠰᠠᠶᠢᠳᠦᠷ ᠡᠵᠡᠮᠲᠡᠵᠦ᠂ ᠨᠡᠩ ᠥᠨᠳᠥᠷ ᠪᠠᠷᠢᠮᠵᠢᠶ᠎ᠡ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠦᠭᠵᠢᠷᠡᠯ  ᠢ ᠨᠡᠪᠲᠡᠷᠡᠭᠦᠯᠵᠦ᠂ ᠬᠦᠴᠢᠷᠳᠡᠯ ᠢ ᠰᠢᠢᠳᠪᠦᠷᠢᠯᠡᠬᠦ ᠬᠡᠷᠡᠭᠲᠡᠢ᠃ ᠤᠯᠤᠰ ᠤᠨ ᠲᠥᠷᠥ ᠶᠢᠨ ᠪᠣᠳᠣᠯᠭ᠎ᠠ ᠪᠠᠷ ᠤᠳᠤᠷᠢᠲᠤᠮᠵᠢ ᠪᠣᠯᠭᠠᠬᠤ ᠪᠠ ᠬᠥᠭᠵᠢᠯᠲᠡ ᠶᠢ ᠳᠠᠮᠵᠢᠵᠦ ᠵᠣᠷᠢᠭᠵᠢᠭᠤᠯᠬᠤ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠠᠵᠤ ᠦᠢᠯᠡᠰ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠳᠤ ᠠᠩᠭ᠍ᠬᠠᠷᠤᠯ ᠢᠶᠠᠨ ᠲᠥᠪᠯᠡᠷᠡᠭᠦᠯᠵᠦ᠂ 2025 ᠣᠨ ᠤ  ᠭᠤᠣᠯᠳᠠᠯᠭ᠎ᠠ ᠲᠠᠢ ᠲᠥᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠨᠡᠷᠢᠯᠢᠭ᠋ ᠣᠨᠣᠪᠴᠢᠲᠡᠢ ᠲᠥᠯᠥᠪᠯᠡᠨ᠂ ᠠᠷᠤ ᠬᠤᠷᠴᠢᠨ ᠬᠤᠰᠢᠭᠤᠨ ᠤ ᠠᠵᠤ ᠠᠬᠤᠢ ᠨᠠᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠠᠬᠤ ᠳᠤ ᠬᠦᠴᠦᠲᠡᠢ ᠲᠣᠯᠭᠠᠭᠤᠷᠢᠯᠡᠯ ᠬᠠᠩᠭᠠᠬᠤ ᠬᠡᠷᠡᠭᠲᠡᠢ ᠭᠡᠪᠡ᠃ ︵ᠰᠠᠶᠢᠬᠠᠠᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号