ᠠᠷᠤ ᠬᠤᠷᠴᠢᠨ ᠬᠤᠰᠢᠭᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/14
       8 ᠰᠠᠷ᠎ᠠ ᠶᠢᠨ 13 ᠤ ᠡᠳᠦᠷ᠂ ᠠᠷᠤ ᠬᠤᠷᠴᠢᠨ ᠬᠤᠰᠢᠭᠤ 2024 ᠣᠨ ᠤ ᠠᠷᠠᠳ ᠤᠨ ᠠᠮᠢᠳᠤᠷᠠᠯ  ᠤᠨ ᠪᠣᠳᠠᠲᠤ ᠶᠠᠪᠤᠳᠠᠯ ᠤᠨ ᠳᠦᠷᠦᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠤᠳᠤᠬᠠᠨ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠠᠰᠠᠭᠤᠳᠠᠯ ᠢ ᠭᠦᠨᠵᠡᠭᠡᠢ ᠵᠠᠳᠠᠯᠵᠤ᠂ ᠬᠠᠷᠠᠯᠳᠠ ᠪᠠᠨ ᠤᠯᠠᠮ ᠨᠢᠭᠡ ᠠᠯᠬᠤᠮ ᠲᠤᠳᠤᠷᠬᠠᠶᠢᠯᠠᠨ᠂ ᠬᠠᠷᠢᠭᠤᠴᠠᠯᠭ᠎ᠠ ᠪᠠᠨ ᠪᠣᠳᠠᠳᠠᠶᠢᠵᠢᠭᠤᠯᠵᠤ᠂ ᠠᠷᠠᠳ  ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ  ᠤᠨ ᠪᠦᠲᠦᠭᠡᠨ ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ  ᠶᠢᠨ ᠳᠡᠳ᠋ ᠳᠠᠷᠤᠭ᠎ᠠ ᠵᠢᠶᠠ ᡁᠢ ᠬᠤᠩ ᠬᠤᠷᠠᠯ ᠳᠤ ᠣᠷᠣᠯᠴᠠᠵᠤ ᠬᠤᠷᠠᠯ ᠢ ᠡᠷᠬᠢᠯᠡᠪᠡ᠃
       ᠬᠤᠷᠠᠯ ᠠᠴᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠠᠬᠢᠭᠤᠯᠤᠭᠰᠠᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠨᠡᠶᠢᠲᠡᠯᠡᠨ ᠮᠡᠳᠡᠭᠳᠡᠵᠦ᠂ ᠬᠤᠷᠠᠯ ᠳᠤ ᠣᠷᠣᠯᠴᠠᠠᠭᠰᠠᠳ ᠡᠯ᠎ᠡ ᠲᠦᠷᠦᠯ ᠵᠦᠢᠯ ᠤᠨ ᠲᠤᠭᠤᠷᠢᠨ ᠳᠤ ᠲᠦᠷᠦᠯ ᠵᠦᠢᠯ ᠢ ᠠᠬᠢᠭᠤᠯᠠᠬᠤ ᠶᠠᠪᠤᠴᠠ ᠳᠠᠬᠢ ᠬᠦᠴᠢᠷ ᠲᠥᠪᠡᠭᠲᠡᠢ ᠠᠰᠠᠭᠤᠳᠠᠯ ᠢ ᠨᠢᠭᠡᠳ ᠨᠢᠭᠡ ᠪᠠᠷ ᠰᠤᠳᠤᠯᠤᠨ ᠮᠠᠭᠠᠳᠯᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠠ ᠶᠢ ᠶᠠᠷᠢᠯᠴᠡᠨ ᠰᠤᠳᠤᠯᠪᠠ᠃        ᠬᠤᠷᠠᠯ ᠠᠴᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠦᠯ ᠵᠦᠢᠯ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠣᠯᠣᠨ ᠠᠵᠤ ᠠᠬᠤᠢ ᠨᠠᠶᠢᠭᠡᠮ ᠤᠨ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠬᠤ ᠪᠣᠯᠬᠤᠷ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠣᠳᠤᠯ ᠢᠶᠠᠨ      ᠴᠢᠩᠭᠠᠳᠬᠠᠵᠤ᠂ ᠬᠠᠷᠠᠯᠲᠠ ᠡᠭᠦᠷᠭᠡ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠠᠢ ᠨᠢᠭᠲᠠ ᠤᠶᠠᠯᠳᠤᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠦ ᠪᠠᠶᠢᠭᠠᠳ ᠲᠦᠷᠦᠯ ᠵᠦᠢᠯ ᠢ ᠲᠦᠷᠭᠡᠨ ᠠᠬᠢᠭᠤᠯᠬᠤ ᠶᠢ ᠪᠠᠲᠤᠯᠠᠬᠤ ᠬᠡᠷᠡᠭᠲᠡᠢ᠃  ᠬᠠᠮᠵᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠬᠠᠮᠵᠢᠯᠴᠠᠵᠤ᠂ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠲᠦᠷᠦᠯ ᠵᠦᠢᠯ ᠤᠨ ᠦᠨᠳᠦᠷ ᠦᠷ᠎ᠡ ᠠᠰᠢᠭ ᠲᠠᠢ ᠪᠦᠲᠦᠬᠡᠨ ᠪᠠᠶᠢᠭᠤᠯᠤᠯᠲᠠ ᠶᠢ ᠠᠬᠢᠭᠤᠯᠵᠤ᠂ ᠲᠣᠭᠳᠠᠭᠰᠠᠨ ᠬᠤᠭᠤᠴᠠᠭᠠᠨ ᠳᠤ ᠠᠵᠢᠯ ᠢᠶᠠᠨ ᠳᠠᠭᠤᠰᠬᠠᠵᠤ᠂ ᠡᠷᠲᠡᠭᠡᠨ ᠬᠡᠷᠡᠭᠯᠡᠯᠲᠡ ᠳᠤ ᠣᠷᠣᠬᠤ  ᠶᠢ ᠠᠬᠢᠭᠤᠯᠠᠬᠤ ᠬᠡᠷᠡᠭᠲᠡᠢ︔ ᠨᠢᠭᠡᠳᠦᠯᠲᠡᠢ ᠲᠥᠯᠥᠪᠯᠡᠨ ᠲᠣᠬᠢᠷᠠᠭᠤᠯᠠᠬᠤ ᠶᠢ ᠴᠢᠩᠭᠠᠳᠬᠠᠵᠤ᠂ ᠲᠣᠭᠳᠠᠮᠠᠯ ᠬᠤᠭᠤᠴᠠᠭ᠎ᠠ ᠲᠠᠢ ᠪᠠᠷ ᠠᠵᠢᠯ ᠤᠨ ᠲᠣᠬᠢᠷᠠᠭᠤᠯᠤᠯᠲᠠ ᠶᠢ ᠥᠷᠨᠢᠭᠦᠯᠦᠨ᠂ ᠲᠦᠷᠦᠯ ᠵᠦᠢᠯ ᠤᠨ ᠨᠢᠭᠡᠳᠦᠭᠡᠷ ᠹᠷᠤᠨᠲ  ᠲᠤ ᠬᠦᠨᠵᠡᠭᠡᠶᠢᠷᠡᠨ ᠪᠣᠳᠠᠲᠠᠢ ᠭᠠᠵᠠᠷ ᠲᠤᠨᠢ ᠬᠠᠶᠢᠨ ᠰᠢᠨᠵᠢᠯᠡᠯᠲᠡ ᠬᠢᠵᠦ᠂ ᠲᠥᠷᠦᠯ ᠵᠦᠢᠯ ᠤᠨ ᠪᠣᠳᠠᠲᠠᠢ ᠪᠠᠶᠢᠳᠡᠯ  ᠢ ᠡᠵᠡᠮᠰᠢᠨ᠂ ᠪᠠᠶᠢᠭᠤᠯᠠᠬᠤ ᠶᠠᠪᠤᠴᠠ ᠳᠠᠬᠢ ᠲᠦᠭᠵᠢᠷᠡᠯ  ᠤᠨ ᠴᠡᠭ ᠲᠦᠪᠡᠭᠲᠡᠢ ᠠᠰᠠᠭᠤᠳᠠᠯ ᠢ ᠰᠢᠢᠳᠪᠤᠷᠢᠯᠡᠵᠦ᠂ ᠲᠦᠷᠦᠯ ᠵᠦᠢᠯ ᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ ᠲᠣᠭᠳᠠᠭᠰᠠᠨ ᠶᠣᠰᠣᠭᠠᠷ ᠪᠡᠶᠡᠯᠡᠭᠦᠯᠬᠦ ᠶᠢ ᠦᠨᠡᠬᠦ ᠪᠠᠲᠤᠯᠠᠬᠤ ᠬᠡᠷᠡᠭᠲᠡᠢ︔ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠬᠠᠮᠢᠶᠠᠷᠤᠯᠲᠠ ᠬᠢᠨᠡᠯᠲᠠ  ᠶᠢᠨ ᠲᠣᠭᠳᠠᠴᠠ ᠶᠢ ᠪᠠᠶᠢᠭᠤᠯᠤᠨ᠂ ᠠᠶᠤᠯᠬᠦᠢ ᠶᠢᠨ ᠬᠠᠮᠢᠶᠡᠷᠦᠯᠲᠠ ᠶᠢ ᠴᠢᠬᠤᠯᠠᠴᠢᠯᠠᠵᠤ᠂ ᠡᠯ᠎ᠡ ᠵᠦᠢᠯ ᠤᠨ ᠠᠳᠡᠯ ᠭᠠᠷᠬᠤ ᠶᠢ ᠡᠷᠡᠰ ᠬᠤᠷᠢᠬᠠᠯᠠᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠤᠯᠠᠨ ᠲᠦᠮᠡᠨ ᠤ ᠣᠶᠢᠯᠠᠭᠠᠬᠤ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠳᠦᠷ ᠬᠢᠵᠦ᠂ ᠤᠯᠠᠨ ᠲᠦᠮᠡᠨ ᠤ ᠬᠦᠷᠳᠡᠮᠵᠢ ᠶᠢᠨ ᠲᠦᠷᠥᠭᠳᠡᠯ᠂ ᠵᠣᠯ ᠵᠢᠷᠭᠠᠯᠳᠤ ᠲᠥᠷᠥᠭᠳᠡᠯ ᠢ ᠲᠠᠰᠤᠷᠡᠯᠲᠡ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠩᠭᠠᠳᠬᠠᠵᠠᠢ᠃ ︵ᠰᠠᠶᠢᠬᠠᠠᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号