ᠠᠷᠤ ᠬᠤᠷᠴᠢᠨ ᠬᠤᠰᠢᠭᠤ ᠬᠤᠩ ᠱᠧᠩ ᠲᠣᠰᠬᠤᠨ ᠳᠤ ︽ᠨᠢᠭᠡ ᠡᠷᠦᠬᠡ ᠶᠢᠨ ᠨᠢᠭᠡ ᠬᠡᠰᠡᠭ ᠲᠠᠷᠢᠶᠠᠨ | ᠭᠠᠵᠠᠷ︾ ᠤᠨ ᠠᠵᠢᠯ ᠢ ᠬᠡᠷᠡᠭᠵᠢᠭᠦᠯᠬᠦ ᠳᠤᠮᠳᠠ᠂ ︽ᠠᠷᠪᠠᠨ ᠠᠯᠬᠤᠮ ᠤᠨ ᠠᠵᠢᠯ ᠤᠨ ᠠᠷᠭ᠎ᠠ︾ ᠶᠢ ᠳ᠋ᠦᠩᠨᠡᠨ | ᠭᠠᠷᠭᠠᠪᠠ᠃ ︽ᠳᠠᠭᠠᠭᠠᠴᠢᠯᠠᠯᠲᠠ ᠶᠢᠨ ᠡᠷᠬᠡ ᠶᠢ ᠬᠥᠳᠡᠯᠭᠡᠬᠦ ᠦᠭᠡᠶ᠂ ᠡᠵᠡᠩᠨᠡᠬᠦ ᠡᠷᠬᠡ ᠶᠢ ᠵᠠᠯᠭᠠᠯᠳᠤᠭᠤᠯᠬᠤ︾ | ᠠᠷᠭ᠎ᠠ ᠮᠠᠶ᠋ᠢᠭ ᠢᠶᠠᠷ ᠭᠠᠵᠠᠷ ᠰᠢᠷᠣᠶ ᠶᠢ ᠡᠮᠬᠢ ᠵᠢᠷᠤᠮ ᠲᠠᠢ ᠴᠡᠭᠴᠡᠯᠡᠨ ᠵᠠᠰᠠᠬᠤ ᠠᠵᠢᠯ ᠢ ᠦᠷᠨᠢᠭᠦᠯᠪᠡ᠃ 2024 | ᠣᠨ ᠳᠤ 5200 ᠮᠥ ᠭᠠᠵᠠᠷ ᠰᠢᠷᠣᠶ ᠶᠢ ᠡᠮᠬᠢᠯᠡᠨ ᠨᠡᠶᠢᠯᠡᠭᠦᠯᠵᠦ᠂ ᠪᠥᠬᠦ ᠲᠣᠰᠬᠤᠨ ᠤ ᠲᠠᠷᠢᠶᠠᠨ ᠭᠠᠵᠠᠷ ᠤᠨ | ᠲᠠᠯᠠᠪᠠᠶ ᠶᠢᠨ 91.2% ᠢ ᠡᠵᠡᠯᠡᠵᠦ᠂ ᠪᠥᠬᠦ ᠬᠤᠰᠢᠭᠤᠨ ᠤ ᠭᠠᠵᠠᠷ ᠰᠢᠷᠣᠶ ᠶᠢᠨ ᠨᠠᠷᠢᠨ ᠵᠢᠵᠢᠭ ᠠᠰᠠᠭᠤᠳᠠᠯ ᠢ | ᠰᠢᠢᠳᠪᠦᠷᠢᠯᠡᠬᠦ ᠳᠤ ᠬᠡᠷᠡᠭᠵᠢᠭᠦᠯᠵᠦ ᠪᠣᠯᠬᠤᠶᠢᠴᠠ ᠵᠠᠭᠪᠤᠷ ᠢ ᠰᠦᠪᠡᠭᠴᠢᠯᠡᠨ ᠭᠠᠷᠭᠠᠪᠠ᠃ ᠪᠥᠬᠦ ᠬᠤᠰᠢᠭᠤᠨ ᠤ ᠡᠯ᠎ᠡ | ᠭᠠᠵᠠᠷ ᠤᠨ ᠬᠢᠨ ︽ᠳᠠᠭᠠᠭᠠᠴᠢᠯᠠᠭᠰᠠᠨ ᠭᠠᠵᠠᠷ ᠢᠶᠠᠨ ᠬᠤᠪᠢᠷᠠᠭᠤᠯᠬᠤ ᠥᠬᠡᠶ᠂ ᠡᠵᠡᠩᠨᠡᠯᠲᠡ ᠶᠢᠨ ᠭᠠᠵᠠᠷ ᠢᠶᠠᠨ | ᠲᠣᠬᠢᠷᠠᠭᠤᠯᠬᠤ︾ ᠵᠠᠷᠴᠢᠮ ᠶᠣᠰᠣᠭᠠᠷ᠂ ᠲᠠᠷᠠᠬᠠᠶ ᠪᠤᠲᠠᠷᠬᠠᠶ ᠭᠠᠵᠠᠷ ᠰᠢᠷᠣᠶ ᠶᠢ ᠳᠠᠬᠢᠨ ᠡᠮᠬᠢᠯᠡᠨ ᠨᠡᠶᠢᠯᠡᠭᠦᠯᠵᠦ᠂ | ︽ᠭᠠᠵᠠᠷ ᠰᠢᠷᠣᠶ ᠲᠠᠢ ᠡᠷᠦᠬᠡ ᠶᠢᠨ ᠭᠠᠵᠠᠷ ᠰᠢᠷᠤᠢ ᠶᠢ ᠳᠠᠬᠢᠨ ᠬᠤᠪᠢᠶᠠᠬᠤ︾᠂ ︽ᠪᠣᠳᠠᠲᠠᠶ ᠲᠠᠷᠢᠮᠠᠯ ᠤᠨ | ᠡᠷᠦᠬᠡ ᠳᠤ ᠭᠠᠵᠠᠷ ᠬᠤᠪᠢᠶᠠᠬᠤ︾᠂ ︽ᠲᠣᠰᠬᠤᠨ ᠤ ᠬᠠᠮᠲᠤ ᠠᠴᠠ ᠨᠢᠭᠡᠳᠦᠯᠲᠡᠶ ᠳᠠᠭᠠᠭᠠᠴᠢᠯᠠᠭᠤᠯᠬᠤ︾᠂ | ︽ᠥᠪᠡᠰᠦᠪᠡᠨ ᠳᠠᠷᠢᠬᠤ᠂ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠬᠦ᠂ ᠨᠠᠶᠢᠳᠠᠨ ᠬᠠᠮᠢᠶᠠᠷᠤᠭᠤᠯᠬᠤ ᠶᠢ | ᠲᠣᠭᠤᠷᠢᠭ ᠬᠤᠪᠢᠶᠠᠨ ᠡᠵᠡᠩᠨᠡᠬᠦ︾ ᠪᠠ ︽ᠲᠣᠰᠬᠤᠨ ᠤ ᠠᠷᠠᠳ ᠥᠪᠡᠰᠦᠪᠡᠨ ᠳᠠᠷᠢᠬᠤ + ᠬᠤᠷᠰᠢᠶᠠᠵᠢᠯ | ᠦᠨᠳᠦᠰᠦᠨ ᠵᠦᠢᠯ ᠢ ᠪᠠᠲᠤᠯᠠᠬᠤ︾ ᠵᠡᠷᠭᠡ ᠵᠠᠭᠪᠤᠷ ᠢ ᠬᠡᠷᠡᠭᠵᠢᠭᠦᠯᠵᠦ᠂ ᠲᠠᠷᠢᠮᠠᠯ ᠤᠨ ᠬᠠᠮᠢᠶᠠᠷᠤᠯᠲᠠ ᠶᠢᠨ | ᠵᠠᠷᠤᠳᠠᠯ ᠢ ᠪᠠᠭᠤᠷᠠᠭᠤᠯᠵᠤ᠂ ᠭᠠᠵᠠᠷ ᠰᠢᠷᠣᠶ ᠶᠢᠨ ︽ᠬᠡᠰᠡᠭ ᠪᠤᠰᠠᠭ ᠪᠠᠶᠢᠭᠰᠠᠨ︾ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠪᠡ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ 14 ᠰᠤᠮᠤ ᠰᠢᠶᠠᠩ ᠪᠠᠯᠭᠠᠰᠤᠨ ᠤ 17 ᠭᠠᠴᠠᠭ᠎ᠠ | ᠲᠣᠰᠬᠤᠨ ᠪᠦᠬᠦᠨ ᠢᠶᠠᠷ ᠢᠶᠠᠨ ᠲᠤᠷᠰᠢᠯᠲᠠ ᠶᠢᠨ ᠴᠡᠭ ᠤᠨ ᠠᠵᠢᠯ ᠢ ᠪᠡᠶᠡᠯᠡᠭᠦᠯᠵᠦ᠂ 3565 ᠲᠠᠷᠢᠶᠠᠴᠢᠨ | ᠡᠷᠦᠬᠡ ᠳᠤ ᠬᠤᠯᠪᠣᠭᠳᠠᠨ᠂ 62847.69 ᠮᠥ ᠭᠠᠵᠠᠷ ᠰᠢᠷᠣᠶ ᠳᠤ ᠲᠣᠬᠢᠷᠠᠭᠤᠯᠤᠯᠲᠠ ᠬᠢᠵᠦ᠂ ᠭᠠᠵᠠᠷ ᠰᠢᠷᠣᠶ ᠶᠢ | ᠲᠥᠪᠯᠡᠷᠡᠭᠦᠯᠦᠨ ᠵᠠᠯᠭᠠᠯᠳᠤᠭᠤᠯᠤᠭᠰᠠᠨ ᠤ ᠳᠠᠷᠠᠭ᠎ᠠ ᠮᠥ ᠪᠦᠷᠢ ᠶᠢᠨ ᠤᠨᠠᠯᠲᠠ ᠳᠤᠮᠳᠠᠴᠢ ᠪᠠᠷ 100 - 200 ᠵᠢᠩ | ᠨᠡᠮᠡᠭᠳᠡᠵᠦ᠂ ᠭᠠᠳᠠᠭᠰᠢ ᠳᠠᠭᠠᠭᠠᠴᠢᠯᠠᠭᠤᠯᠵᠤ ᠬᠡᠷᠡᠭᠯᠡᠬᠦ ᠡᠷᠬᠡ ᠶᠢ ᠰᠢᠯᠵᠢᠭᠦᠯᠦᠭᠰᠡᠨ ᠭᠠᠵᠠᠷ ᠤᠨ ᠮᠥ ᠪᠦᠷᠢ ᠶᠢᠨ | ᠤᠨᠠᠯᠲᠠ 200 ᠲᠥᠭᠦᠷᠢᠭ ᠠᠴᠠ 300 ᠲᠦᠭᠦᠷᠢᠭ ᠳᠡᠭᠡᠭᠰᠢᠯᠡᠬᠦ ᠪᠣᠯᠤᠨ᠎ᠠ᠃ |