ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠱᠠᠨᠰᠢ ᠶᠢᠨ ᠬᠤᠸᠠ ᠱᠠᠨ ᠵᠠᠮ ᠬᠥᠭᠦᠷᠭᠡ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠪᠣᠯᠣᠨ ᠱᠠᠨᠰᠢ ᠶᠢᠨ ᠬᠤᠸᠠ ᠮᠤ᠋ ᠦᠷ᠎ᠡ ᠲᠠᠷᠢᠮᠡᠯ ᠤᠨ ᠦᠢᠯᠡᠰ ᠤᠨ ᠬᠢᠵᠠᠭᠠᠷᠲᠤ ᠺᠤᠮᠫᠠᠨᠢ ᠲᠠᠢ ᠠᠷᠠᠯᠵᠢᠶᠡᠴᠢᠨ ᠤᠷᠢᠵᠤ ᠵᠥᠪᠳᠡᠯᠴᠡᠪᠠ
ᠨᠡᠶᠢᠲᠡᠯᠡᠭᠰᠡᠨ ᠴᠠᠭ᠄
2024/8/15
       8 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠠᠷᠦ ᠬᠤᠷᠴᠢᠨ ᠬᠤᠰᠢᠭᠤᠨ ᠤ ᠵᠠᠰᠠᠭ ᠤᠨ ᠣᠷᠳᠣᠨ᠂ ᠱᠠᠨᠰᠢ ᠶᠢᠨ ᠬᠤᠸ᠋ᠨ ᠱᠠᠨ ᠵᠠᠮ ᠬᠥᠭᠭᠦᠷᠭᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠣᠨ ᠱᠠᠨᠰᠢ  ᠶᠢᠨ ᠬᠤᠸᠠ ᠮᠤ᠋ ᠦᠷ᠎ᠡ ᠳᠠᠷᠢᠮᠡᠯ ᠤᠨ ᠦᠢᠯᠡᠰ  ᠤᠨ ᠬᠢᠵᠠᠭᠠᠷᠲᠤ ᠺᠤᠮᠫᠠᠨᠢ ᠲᠠᠷᠢᠶᠡᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠥᠷᠦᠯ ᠵᠦᠢᠯ ᠤᠨ ᠲᠤᠬᠠᠢ ᠠᠷᠠᠯᠵᠢᠶᠠᠴᠢᠨ ᠤᠷᠢᠵᠤ ᠵᠥᠪᠳᠡᠯᠴᠡᠪᠡ᠃ ᠬᠤᠰᠢᠭᠤᠨ ᠨᠠᠮ  ᠤᠨ ᠬᠤᠷᠢᠶᠠᠨ  ᠤ ᠳᠡᠳ᠋ ᠱᠦᠵᠢ᠂ ᠵᠠᠰᠠᠭ ᠤᠨ ᠣᠷᠳᠤᠨ ᠤ ᠳᠠᠷᠤᠭ᠎ᠠ ᠴᠧᠨ ᠬᠤ᠋ ᠨᠠᠠ᠂ ᠱᠠᠨᠰᠢ ᠶᠢᠨ ᠬᠤᠸ᠋ᠨ ᠱᠠᠨ ᠵᠠᠮ ᠬᠥᠭᠦᠷᠭᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋      ᠱᠦᠵᠢ᠂ ᠶᠡᠷᠦᠩᠬᠡᠢ ᠳᠠᠭᠠᠭᠠᠮᠠᠯ ᠯᠢᠦ ᠵᠢᠶᠦ᠋ᠨ ᠲᠤᠤ᠂ ᠱᠠᠨᠰᠢ ᠶᠢᠨ ᠬᠤᠸᠠ ᠮᠤ᠋ ᠦᠷ᠎ᠡ ᠲᠠᠷᠢᠮᠡᠯ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠴᠢᠦᠢ ᠳ᠋ᠤᠸᠠᠨ ᠬᠤᠷᠠᠯ ᠳᠤ ᠣᠷᠣᠯᠴᠠᠵᠠᠢ᠃
       ᠬᠤᠷᠠᠯ ᠳᠡᠭᠡᠷ᠎ᠡ᠂ ᠴᠧᠨ ᠬᠤ᠋ ᠨᠡᠨ ᠠᠷᠤ ᠬᠤᠷᠴᠢᠨ ᠬᠤᠰᠢᠭᠤᠨ ᠤ ᠠᠵᠤ ᠠᠬᠤᠢ ᠶᠢᠨ ᠬᠥᠭᠵᠢᠯᠲᠡ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠵᠡᠷᠭᠡ ᠪᠠᠶᠢᠳᠠᠯ ᠢ ᠨᠠᠷᠢᠨ ᠳᠠᠨᠢᠯᠴᠠᠭᠤᠯᠵᠤ᠂ ᠯᠢᠦ ᠵᠢᠶᠦ᠋ᠨ ᠲᠣᠤ᠂ ᠴᠢᠦᠢ ᠳ᠋ᠤᠸᠠᠨ ᠲᠣᠰ ᠲᠣᠰ ᠠᠵᠤ ᠠᠬᠤᠶᠢᠯᠠᠯ ᠤᠨ ᠡᠵᠡᠩᠨᠡᠯᠲᠠ ᠶᠢᠨ ᠬᠦᠷᠢᠶ᠎ᠡ ᠬᠡᠪᠴᠢᠶ᠎ᠡ᠂ ᠪᠡᠯᠡ ᠣᠷᠣᠭᠤᠯᠤᠯᠲᠠ ᠶᠢᠨ ᠴᠢᠭᠯᠡᠯ᠂ ᠬᠢᠷᠢ ᠬᠡᠮ ᠪᠠ ᠠᠵᠢᠯ ᠤᠨ ᠪᠦᠲᠦᠮᠵᠢ ᠵᠡᠷᠭᠡ ᠪᠠᠶᠢᠳᠠᠯ ᠢ ᠲᠠᠨᠢᠯᠴᠠᠭᠤᠯᠵᠤ᠂ ᠬᠤᠰᠢᠭᠤᠨ ᠲᠡᠷᠢᠶᠠᠯᠠᠩ ᠮᠠᠯ ᠠᠵᠤ ᠠᠬᠤᠢ ᠶᠢᠨ ᠲᠣᠪᠴᠢᠶ᠎ᠡ ᠬᠠᠮᠳᠤᠷᠠᠯᠴᠠᠭᠠᠨ ᠤ ᠲᠦᠷᠦᠯ ᠵᠦᠢᠯ  ᠤᠨ ᠪᠠᠶᠢᠳᠠᠯ ᠢ ᠳᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠬᠠᠮᠲᠤᠷᠠᠯᠴᠠᠭᠠᠨ ᠤ ᠠᠷᠭ᠎ᠠ ᠮᠠᠶ᠋ᠢᠭ᠂ ᠬᠥᠭᠵᠢᠯᠲᠡ ᠶᠢᠨ ᠬᠡᠲᠦ ᠲᠥᠯᠥᠪ ᠵᠡᠷᠭᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠤᠣᠯᠢᠯᠴᠡᠪᠡ᠃        ᠴᠧᠨ ᠬᠤ᠋ ᠨᠠᠨ ᠬᠤᠰᠢᠭᠤᠨ ᠨᠠᠮ ᠤᠨ ᠬᠤᠷᠢᠶ᠎ᠠ᠂  ᠵᠠᠰᠠᠭ ᠤᠨ ᠣᠷᠳᠣᠨ ᠢ ᠲᠥᠯᠥᠭᠡᠯᠡᠵᠤ ᠱᠠᠨᠰᠢ ᠶᠢᠨ ᠬᠤᠸᠠ ᠱᠠᠨ ᠵᠠᠮ ᠬᠥᠭᠦᠷᠭᠡ ᠶᠢᠨ ᠪᠦᠯᠦᠭᠯᠡᠯ ᠪᠣᠯᠣᠨ ᠱᠠᠨᠰᠢ ᠶᠢᠨ ᠬᠤᠸᠠ ᠮᠤ᠋ ᠦᠷ᠎ᠡ ᠲᠠᠷᠢᠮᠠᠯ ᠤᠨ ᠦᠢᠯᠡᠰ ᠤᠨ  ᠬᠢᠨ ᠢ ᠪᠡᠶᠠᠷᠯᠠᠨ ᠤᠭᠳᠤᠵᠤ ᠪᠠᠶᠢᠬᠤ ᠪᠠᠨ ᠢᠯᠡᠳᠬᠡᠪᠡ᠃ ᠲᠡᠷᠡ᠂ ᠱᠠᠨᠰᠢ ᠶᠢᠨ ᠬᠤᠸᠠ ᠱᠠᠨ ᠵᠠᠮ ᠬᠥᠭᠦᠷᠭᠡ ᠶᠢᠨ ᠪᠦᠯᠦᠭᠯᠡᠯ ᠨᠢ ᠱᠠᠨᠰᠢ ᠶᠢᠨ ᠪᠠᠷᠢᠯᠭ᠎ᠠ ᠶᠢᠨ ᠠᠵᠤ ᠦᠢᠯᠡᠳᠪᠤᠷᠢ ᠶᠢᠨ ᠪᠦᠯᠦᠭᠯᠡᠯ ᠤᠨ ᠬᠠᠷᠢᠶᠠᠨ ᠳᠠᠬᠢ ᠬᠤᠪᠢ ᠡᠵᠡᠮᠳᠡᠭᠰᠡᠨ ᠠᠵᠤ ᠠᠬᠤᠶᠢᠯᠠᠯ ᠪᠣᠯᠤᠭᠰᠠᠨ ᠤ ᠬᠤᠪᠢ ᠳᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ  ᠶᠢᠨ ᠬᠦᠷᠢᠶᠡᠨ ᠳᠤ ᠲᠡᠷᠢᠭᠦᠨ ᠤ ᠮᠡᠷᠭᠡᠵᠢᠯ ᠲᠠᠢ᠂ ᠪᠣᠳᠠᠲᠤ ᠬᠦᠴᠦᠨ ᠢᠶᠠᠷ ᠴᠢᠩᠭ᠎ᠠ ᠮᠥᠷᠲᠡᠭᠡᠨ ᠮᠠᠰᠢ ᠴᠢᠩᠭ᠎ᠠ ᠵᠠᠬ᠎ᠠ ᠳᠡᠯᠭᠡᠭᠦᠷ ᠤᠨ ᠨᠦᠯᠦᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠲᠠᠢ ᠪᠠᠶᠢᠵᠦ᠂ ᠱᠠᠨᠰᠢ ᠶᠢᠨ ᠬᠤᠸᠠ ᠮᠤ᠋ ᠦᠷ᠎ᠡ ᠲᠡᠷᠢᠮᠠᠯ  ᠤᠨ ᠦᠢᠯᠡᠰ ᠨᠢ ᠠᠵᠢᠯ ᠲᠦᠷᠦᠯ ᠤᠨ ᠳᠤᠳᠤᠷᠠᠬᠢ ᠨᠡᠷᠡᠲᠦ ᠠᠵᠤ ᠠᠬᠤᠶᠢᠯᠠᠯ ᠪᠣᠯᠤᠭᠰᠠᠨ ᠤ ᠬᠤᠪᠢ ᠳᠤ ᠡᠯᠪᠡᠭ ᠪᠠᠶᠠᠯᠢᠭ ᠲᠡᠵᠢᠭᠡᠨ ᠥᠷᠡᠵᠢᠭᠦᠯᠬᠦ ᠲᠤᠷᠰᠢᠯᠭ᠎ᠠ ᠪᠠ ᠲᠤᠰᠬᠠᠢ ᠮᠡᠷᠭᠡᠵᠢᠯ ᠤᠨ ᠲᠡᠵᠢᠭᠡᠨ ᠥᠷᠡᠵᠢᠭᠦᠯᠬᠦ ᠪᠦᠯᠬᠦᠮ ᠲᠠᠢ ᠪᠠᠶᠢᠳᠠᠭ᠃ ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠢᠲᠡᠭᠡᠯ ᠵᠣᠷᠢᠭ ᠢᠶᠠᠨ ᠪᠠᠲᠤᠳᠬᠠᠵᠤ᠂ ᠪᠥᠬᠦ ᠬᠦᠴᠦᠨ ᠢᠶᠠᠷ ᠢᠶᠠᠨ ᠬᠠᠮᠵᠢᠯᠴᠡᠨ᠂ ᠲᠦᠷᠦᠯ ᠵᠦᠢᠯ ᠢ ᠨᠠᠶᠢᠳᠠᠪᠤᠷᠢᠵᠢᠭᠤᠯᠬᠤ  ᠳᠤ ᠬᠠᠮᠤᠭ ᠤᠨ ᠦᠨᠡᠨᠴᠢ ᠰᠡᠳᠬᠢᠯ ᠢᠶᠠᠷ ᠰᠢᠯᠢᠳᠡᠭ ᠦᠢᠯᠡᠴᠢᠯᠡᠭᠡ ᠬᠠᠩᠭᠠᠵᠤ᠂ ᠠᠵᠦ ᠠᠬᠤᠶᠢᠯᠠᠯ ᠢ ᠰᠡᠳᠬᠢᠯ ᠠᠮᠤᠷ ᠪᠡᠯᠡ ᠣᠷᠣᠭᠤᠯᠵᠤ᠂ ᠬᠥᠭᠵᠢᠭᠦᠯᠬᠦ ᠳᠤ ᠣᠷᠣᠭᠰᠢᠲᠠᠢ ᠪᠣᠯᠭᠠᠨ᠋᠎ᠠ᠃ ᠣᠷᠣᠨ ᠨᠤᠲᠤᠭ ᠪᠣᠯᠣᠨ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠲᠣᠰ ᠤᠲᠠᠭ᠎ᠠ ᠶᠢᠨ ᠵᠥᠪᠲᠡᠯᠴᠡᠭᠡᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠵᠤ ᠠᠬᠤᠶᠢᠯᠠᠯ ᠤᠨ ᠪᠣᠳᠠᠲᠤ ᠬᠦᠴᠦᠨ ᠪᠣᠯᠣᠨ ᠣᠷᠣᠨ ᠨᠤᠲᠤᠭ ᠤᠨ ᠰᠠᠭᠤᠷᠢ ᠲᠠᠢ ᠬᠦᠢᠴᠡᠳ ᠤᠶᠠᠯᠳᠤᠭᠤᠯᠵᠤ᠂ ᠨᠡᠩ ᠤᠯᠠᠨ ᠬᠦᠷᠢᠶᠡᠨ ᠳᠤ ᠪᠣᠳᠠᠲᠠᠢ ᠶᠢ ᠡᠷᠬᠢᠮᠯᠡᠭᠰᠡᠨ ᠵᠤᠯᠭᠠᠯᠴᠠᠭ᠎ᠠ ᠶᠢ ᠥᠷᠨᠢᠭᠦᠯᠵᠤ᠂ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ᠂ ᠬᠠᠷᠢᠯᠴᠠᠨ ᠠᠰᠢᠠᠨᠲᠠᠢ ᠬᠠᠮᠲᠤᠪᠡᠷ ᠠᠰᠢᠭ ᠬᠦᠷᠲᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃
       ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠡ᠂ ᠬᠤᠳᠠᠯᠳᠤᠭᠠᠨ ᠤ ᠶᠠᠪᠤᠳᠠᠯ ᠪᠠ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠵᠢᠴᠢ ᠱᠠᠨᠰᠢ ᠶᠢᠨ ᠬᠤᠸᠠ ᠱᠠᠨ ᠵᠠᠮ ᠬᠥᠭᠦᠷᠭᠡ ᠶᠢᠨ ᠪᠦᠯᠦᠭᠯᠡᠯ᠂ ᠱᠠᠨᠰᠢ ᠶᠢᠨ ᠬᠤᠸᠠ ᠮᠤ᠋ ᠦᠷ᠎ᠡ ᠲᠠᠷᠢᠮᠡᠯ ᠤᠨ ᠦᠢᠯᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠳ ᠶᠠᠷᠢᠯᠴᠠᠬᠤ ᠬᠤᠷᠠᠯ ᠳᠤ ᠣᠷᠣᠯᠴᠠᠪᠠ᠃ ︵ᠯᠢ ᠬᠤᠸᠠᠨ ᠢᠦᠢ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号