ᠠᠷᠤ ᠬᠤᠷᠴᠢᠨ ᠬᠤᠰᠢᠭᠤ ᠠᠩᠬᠠᠳᠤᠭᠠᠷ ᠬᠤᠭᠤᠴᠠᠭᠠᠨ ᠤ ᠮᠠᠰᠢᠨ ᠬᠥᠮᠥᠨ ᠤ ᠤᠷᠤᠯᠳᠤᠭᠠᠨ ᠡᠷᠭᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/8/16
     8 ᠰᠠᠷ᠎ᠠ ᠶᠢᠨ 14 ᠤ ᠡᠳᠦᠷ᠂ ︽ᠰᠢᠨᠵᠢᠯᠡᠬᠦ ᠤᠬᠠᠭᠠᠨ ᠮᠡᠷᠭᠡᠵᠢᠯ ᠢᠷᠡᠭᠡᠳᠦᠢ ᠶᠢ ᠬᠥᠲᠥᠯᠦᠨ ᠳᠠᠭᠠᠭᠤᠯᠵᠦ᠂ ᠰᠢᠨ᠎ᠡ ᠶᠢ ᠡᠭᠦᠳᠬᠦ ᠨᠢ ᠬᠦᠰᠡᠯ  ᠢ ᠬᠡᠷᠡᠯᠳᠦᠭᠦᠯᠳᠡᠭ︾ ᠠᠷᠦ ᠬᠤᠷᠴᠢᠨ ᠬᠤᠰᠢᠭᠤᠨ ᠤ  ᠠᠩᠬᠠᠳᠤᠭᠠᠷ ᠬᠤᠭᠤᠴᠠᠭᠠᠨ ᠤ ᠮᠠᠰᠢᠨ ᠬᠥᠮᠥᠨ ᠤ ᠤᠷᠣᠯᠳᠤᠭᠠᠨ ᠴᠢᠪᠠᠭ᠎ᠠ ᠵᠢᠷᠭᠤᠳᠤᠭᠠᠷ ᠳᠤᠮᠳᠠᠲᠤ ᠰᠤᠷᠭᠠᠭᠤᠯᠢ  ᠳᠤ ᠠᠮᠵᠢᠯᠲᠠ ᠲᠠᠢ ᠶᠠᠪᠤᠭᠳᠠᠪᠠ᠃
       ᠵᠢᠩᠬᠢᠨᠢ ᠤᠷᠤᠯᠳᠤᠭ᠋ᠭᠠᠨ ᠡᠬᠢᠯᠡᠬᠦ ᠠᠴᠠ ᠡᠮᠦᠨ᠋᠎ᠠ᠂ ᠣᠶᠤᠨᠲᠤ ᠮᠠᠰᠢᠨ ᠬᠥᠮᠥᠨ ᠤ ᠫᠷᠣᠭ᠍ᠷᠠᠮ ᠨᠠᠶᠢᠷᠠᠭᠤᠯᠬᠤ ᠲᠥᠪ ᠤᠨ ᠠᠵᠢᠯᠲᠠᠨ ᠠᠴᠠ ᠣᠷᠣᠯᠳᠤᠭᠠᠨ ᠳᠤ ᠣᠷᠣᠯᠴᠠᠬᠤ ᠪᠢᠴᠢᠬᠠᠨ ᠣᠷᠣᠯᠴᠠᠭᠰᠠᠳ ᠪᠣᠯᠣᠨ ᠲᠤᠬᠠᠢ ᠶᠢᠨ ᠲᠠᠯᠠᠪᠤᠷ ᠤᠨ ᠦᠵᠡᠭᠴᠢᠳ ᠲᠤ ︽ᠲᠥᠯᠳᠦ ᠠᠯᠠᠭ᠎ᠠ︾᠂ ︽ᠭᠠᠶᠢᠬᠠᠮᠰᠢᠭᠲᠤ ᠰᠢᠩᠭᠡᠨ ᠪᠠᠶᠠᠲᠤ ᠠᠽᠤᠲ︾ ᠵᠡᠷᠭᠡ ᠬᠤᠶᠢᠳᠡ ᠰᠠᠶᠢᠬᠠᠨ ᠰᠢᠨᠵᠢᠯᠡᠬᠦ ᠤᠬᠠᠭᠠᠨ ᠤ ᠲᠤᠷᠰᠢᠯᠲᠠ ᠶᠢᠨ ᠲᠣᠭᠯᠠᠯᠲᠠ ᠶᠢ ᠬᠠᠷᠠᠭᠤᠯᠵᠤ᠂ ᠰᠢᠨᠵᠢᠯᠡᠬᠦ ᠤᠬᠠᠭᠠᠨ ᠤ ᠬᠠᠴᠢᠨ ᠭᠠᠶᠢᠬᠠᠮᠰᠢᠭ ᠢ ᠢᠯᠡᠷᠡᠭᠦᠯᠦᠨ᠂ ᠬᠡᠦᠬᠡᠳ ᠤᠳ ᠤᠨ ᠪᠦᠲᠦᠭᠡᠯᠴᠢ ᠴᠢᠳᠠᠪᠤᠷᠢ ᠶᠢ      ᠬᠥᠭᠵᠢᠭᠡᠪᠡ᠃
       ᠲᠣᠰ ᠤᠳᠠᠭᠠᠨ ᠤ ᠣᠷᠤᠯᠳᠤᠭᠠᠨ ᠢ ᠲᠣᠮᠣ ᠮᠥᠭᠦᠯᠢᠭ ᠤᠨ ᠪᠣᠰᠬᠠᠨ ᠪᠠᠶᠢᠭᠤᠯᠠᠬᠤ ᠤᠷᠤᠯᠳᠤᠭᠠᠨ᠂ ᠵᠢᠵᠢᠭ ᠮᠥᠭᠦᠯᠢᠭ ᠤᠨ ᠪᠣᠰᠬᠠᠨ ᠪᠠᠶᠢᠭᠤᠯᠠᠬᠤ ᠣᠷᠤᠯᠳᠤᠭᠠᠨ᠂ ᠬᠡᠶᠢᠰᠪᠤᠷᠢ ᠴᠤᠭᠴᠠᠲᠤ ᠲᠡᠷᠤᠪᠴᠢ ᠶᠢᠨ ᠠᠯᠤᠰ ᠡᠵᠡᠮᠰᠢᠯᠲᠤ ᠲᠡᠷᠭᠡ ᠪᠠ ᠲᠣᠭᠤᠷᠢᠨ ᠴᠠᠭᠳᠠᠬᠤ ᠪᠠᠭ᠎ᠠ ᠲᠡᠷᠭᠡ ᠵᠡᠷᠭᠡ 4 ᠳᠦᠷᠦᠯ ᠳᠤ ᠬᠤᠪᠢᠶᠠᠵᠤ ᠶᠠᠪᠤᠭᠳᠠᠭᠤᠯᠤᠨ᠂ ᠠᠳᠠᠯᠢ ᠪᠤᠰᠤ ᠬᠤᠪᠢ ᠣᠯᠭᠤᠬᠤ ᠳᠦᠷᠢᠮ ᠢ ᠬᠡᠷᠡᠭᠵᠢᠭᠦᠯᠵᠦ᠂ ᠣᠷᠣᠯᠴᠠᠭᠰᠡᠳ ᠤᠨ ᠪᠡᠶᠡᠯᠡᠭᠦᠯᠦᠭᠰᠡᠨ ᠬᠡᠮᠵᠢᠶ᠎ᠡ ᠪᠠ ᠬᠡᠷᠡᠭᠰᠡᠭᠰᠡᠨ ᠬᠤᠭᠤᠴᠠᠭ᠎ᠠ ᠪᠠᠷ ᠪᠠᠷᠢᠮᠵᠢᠶᠠᠯᠠᠨ ᠬᠤᠪᠢ ᠣᠯᠭᠤᠪᠠ᠃ ᠣᠷᠣᠯᠳᠤᠭᠠᠨ ᠤ ᠲᠤᠬᠠᠢ ᠶᠢᠨ ᠲᠠᠯᠠᠪᠠᠢ  ᠶᠢᠨ ᠠᠭᠤᠷ ᠠᠮᠢᠰᠠᠬᠤᠯ ᠬᠥᠷ ᠬᠥᠭᠵᠢᠶᠡᠨ ᠢᠶᠠᠷ ᠪᠢᠯᠠᠬᠠᠵᠤ᠂ ᠪᠢᠴᠢᠬᠠᠨ ᠣᠷᠣᠯᠴᠠᠭᠰᠠᠳ ᠪᠦᠬᠦ ᠠᠩᠬᠠᠷᠤᠯ ᠢᠶᠠᠨ ᠲᠥᠪᠯᠡᠷᠡᠭᠦᠯᠦᠨ ᠤᠷ᠎ᠠ ᠮᠡᠷᠭᠡᠵᠢᠯ ᠤᠬᠠᠭᠠᠨ ᠲᠡᠠᠮᠢᠷ ᠢᠶᠠᠨ ᠰᠣᠶᠢᠵᠣ ᠰᠢᠯᠭᠠᠨ᠂ ᠤᠳᠠᠭ᠎ᠠ ᠪᠦᠷᠢ ᠶᠢᠨ ᠲᠣᠷᠰᠢᠯᠲᠡ  ᠪᠠᠨ ᠪᠦᠷᠢᠨ ᠲᠡᠭᠦᠯᠳᠡᠷ ᠪᠡᠶᠡᠯᠡᠭᠦᠯᠬᠦ ᠪᠠᠷ ᠴᠢᠷᠮᠠᠶᠢᠨ᠋᠎ᠠ᠃        ᠬᠤᠷᠴᠠ ᠰᠢᠷᠦᠭᠦᠨ ᠥᠷᠢᠰᠦᠯᠳᠦᠭᠡᠨ ᠤ ᠡᠴᠦᠰ ᠲᠤ᠂ ᠨᠢᠭᠡᠳᠦᠭᠡᠷ ᠲᠡᠰ ᠲᠤ 1 ᠨᠡᠷ᠎ᠡ᠂ ᠬᠤᠶᠠᠳᠤᠭᠠᠷ ᠲᠠᠰ ᠲᠤ 2 ᠨᠡᠷ᠎ᠡ᠂ ᠬᠤᠷᠪᠠᠳᠤᠭᠠᠷ ᠲᠠᠰ ᠲᠤ 6 ᠨᠡᠷ᠎ᠡ ᠣᠷᠤᠯᠴᠠᠭᠴᠢ ᠶᠢ ᠰᠢᠯᠭᠠᠷᠠᠭᠤᠯᠤᠨ᠂ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠱᠠᠩᠨᠠᠯ ᠣᠯᠣᠭᠰᠠᠳ ᠲᠤ ᠲᠣᠰ ᠲᠤᠰ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠤᠨ ᠪᠤᠳᠠᠰ ᠭᠠᠷᠳᠠᠭᠤᠯᠪᠠ᠃        ᠲᠤᠰ ᠤᠳᠠᠭᠠᠨ ᠤ ᠤᠷᠤᠯᠳᠤᠭᠠᠨ ᠢ ᠠᠷᠣ ᠬᠤᠷᠴᠢᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠭᠤᠣᠯᠯᠠᠨ ᠡᠷᠬᠢᠯᠡᠵᠦ᠂ ᠴᠢᠪᠠᠭ᠎ᠠ ᠵᠢᠷᠭᠤᠳᠤᠭᠠᠷ ᠳᠣᠮᠳᠠᠳᠣ ᠰᠤᠷᠭᠠᠭᠤᠯᠢ ᠪᠠ ᠠᠷᠣ ᠬᠤᠷᠴᠢᠨ ᠬᠤᠰᠢᠭᠤᠨ ᠤ ᠤᠶᠤᠨᠲᠤ ᠮᠠᠰᠢᠨ ᠬᠦᠮᠦᠨ ᠤ ᠫᠷᠣᠭ᠍ᠷᠠᠮ ᠨᠠᠶᠢᠷᠠᠭᠤᠯᠬᠤ ᠲᠥᠪ ᠳᠠᠭᠠᠭᠠᠴᠢᠯᠠᠨ ᠡᠷᠬᠢᠯᠡᠪᠡ᠃ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠵᠠᠯᠠᠭᠤᠴᠤᠳ ᠪᠠᠭᠠᠴᠤᠳ ᠤᠨ ᠯᠣᠭᠢᠭ ᠰᠡᠳᠬᠢᠬᠦᠢ ᠪᠠ ᠰᠢᠨ᠎ᠡ ᠶᠢ ᠡᠭᠦᠳᠬᠦ ᠤᠬᠠᠮᠰᠠᠷ ᠤᠨ ᠬᠦᠮᠦᠵᠢᠭᠦᠯᠦᠯ ᠳᠤ ᠰᠢᠯᠢᠳᠡᠭ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ ᠮᠠᠨ ᠤ ᠬᠤᠰᠢᠭᠤᠨ ᠤ ᠵᠠᠯᠠᠭᠤᠴᠣᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠮᠦᠵᠢᠯ ᠤᠨ ᠬᠦᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃ ︵ᠯᠢᠦ ᠰᠢᠨ ᠲᠠᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号