2024 ᠣᠨ ᠤ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠷᠳᠡᠮ ᠴᠢᠳᠡᠪᠤᠷᠢ ᠶᠢᠨ ᠮᠦᠷᠦᠶᠢᠴᠡᠭᠡᠨ︾ ᠤ ᠠᠵᠢᠯᠯᠠᠭ᠎ᠠ ᠶᠢ ᠳ᠋ᠦᠩᠨᠡᠵᠤ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/16
       8 ᠰᠠᠷ᠎ᠠ ᠶᠢᠨ 14 ᠤ ᠡᠳᠦᠷ᠂ ᠠᠷᠤ ᠬᠤᠷᠴᠢᠨ ᠬᠤᠰᠢᠭᠤ 2024 ᠣᠨ ᠤ ᠰᠤᠮᠤ ᠰᠢᠶᠠᠩ ᠪᠠᠯᠭᠠᠰᠤ  ᠶᠢᠨ ᠨᠠᠮ ᠤᠨ ᠬᠤᠷᠢᠶᠠᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠡᠳᠣᠭᠤᠯᠬᠤ ︽ᠡᠷᠳᠡᠮ ᠴᠢᠳᠠᠪᠤᠷᠢ ᠶᠢᠨ ᠮᠥᠷᠥᠶᠢᠴᠡᠭᠡᠨ︾ ᠤ ᠠᠵᠢᠯᠯᠠᠭ᠎ᠠ ᠶᠢ ᠳ᠋ᠦᠩᠨᠡᠵᠦ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶᠠᠨ ᠤ ᠱᠦᠵᠢ ᠸᠧᠢ ᠪᠢᠯᠢᠭ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠡᠨ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠵᠠᠩ ᠬᠤᠩ ᠰᠢᠨ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠡᠷᠭᠦᠯᠡᠩ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠴᠢ ᠰᠢᠨ ᠮᠢᠶᠣᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠸᠠᠩ ᡁᠢ ᠶᠦᠩ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠰᠠᠨ ᠵᠢᠱᠢᠭᠳᠡᠭᠴᠢ ᠮᠤ᠋ ᠭᠥᠸᠧ ᠳ᠋ᠦᠩ ᠬᠤᠷᠠᠯ ᠳᠤ ᠣᠷᠣᠯᠴᠠᠪᠠ᠃  
       ᠸᠧᠢ ᠪᠢᠯᠢᠭ ᠳ᠋ᠦᠩᠨᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ︽ᠡᠷᠳᠡᠮ ᠴᠢᠳᠠᠪᠤᠷᠢ ᠶᠢᠨ ᠮᠥᠷᠥᠶᠢᠴᠡᠭᠡᠨ︾ ᠪᠣᠯ ᠡᠯ᠎ᠡ ᠰᠤᠮᠤ ᠰᠢᠶᠠᠩ ᠪᠠᠯᠭᠠᠰᠤ ᠶᠢᠨ ᠨᠠᠮ ᠤᠨ ᠪᠠᠶᠢᠭᠤᠯᠤᠯᠲᠠ ᠶᠢ ᠠᠣᠡᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠡᠳᠣᠭᠤᠯᠬᠤ ᠠᠵᠢᠯ ᠢ ᠠᠬᠢᠭᠤᠯᠬᠤ ᠱᠠᠳᠣᠴᠢ ᠴᠢᠨᠠᠷᠲᠠᠢ ᠳ᠋ᠦᠩᠨᠠᠯᠲᠠ ᠮᠥᠨ᠂ ᠪᠠᠰᠠ ᠴᠤ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠨᠠᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠨᠢᠭᠡ ᠣᠳᠠᠭᠠᠨ ᠤ ᠲᠥᠪᠯᠡᠷᠠᠩᠭᠦᠢ ᠦᠵᠡᠭᠦᠯᠭᠡ ᠮᠥᠨ᠃ ᠪᠥᠬᠦ ᠬᠤᠰᠢᠭᠤ ᠪᠠᠷ ᠢᠶᠠᠨ ᠨᠠᠮ ᠤᠨ ᠪᠠᠶᠢᠭᠤᠯᠤᠯᠲᠠ ᠶᠢ ᠠᠣᠡᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠡᠳᠣᠭᠤᠯᠬᠤ ᠶᠢ ᠠᠬᠢᠭᠤᠯᠬᠤ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠠᠯᠲᠠ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠬᠢᠭᠡᠳ ᠬᠥᠳᠡᠭᠡ ᠲᠣᠰᠬᠤᠨ ᠢ ᠬᠦᠭᠵᠢᠭᠦᠯᠤᠨ ᠮᠠᠡᠳᠣᠭᠤᠯᠬᠤ ᠠᠵᠢᠯ ᠵᠡᠷᠭᠡ ᠪᠠᠷ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠡᠯ᠎ᠡ ᠰᠤᠮᠤ ᠰᠢᠶᠠᠩ ᠪᠡᠯᠭᠠᠰᠤ ᠪᠣᠯᠣᠨ ᠭᠠᠴᠠᠭ᠎ᠠ ᠲᠣᠰᠬᠤᠨ ᠲᠡᠷᠢᠭᠦᠨ ᠤ ᠬᠢ ᠪᠠᠷ ᠪᠠᠷᠢᠮᠵᠢᠶᠠᠯᠠᠨ᠂ ᠲᠣᠰ ᠪᠠᠶ᠎ᠡ ᠶᠢᠨ ᠪᠠᠭᠤᠷᠠᠢ ᠭᠤᠨ᠋ᠡᠴᠤᠭ᠎ᠠ ᠪᠣᠯᠣᠨ ᠬᠦᠷᠦᠯᠴᠡᠬᠦ ᠦᠭᠡᠢ ᠲᠠᠯ᠎ᠠ ᠪᠠᠨ ᠣᠨᠣᠪᠴᠢᠲᠡᠢ ᠡᠷᠢᠵᠦ᠂ ᠬᠥᠭᠵᠢᠯᠲᠡ ᠶᠢᠨ ᠰᠡᠳᠬᠢᠴᠡ ᠪᠠᠨ ᠰᠢᠯᠤᠭᠤᠳᠬᠠᠨ᠂ ᠰᠢᠯᠭᠠᠷᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠶᠢ ᠳᠠᠪᠲᠠᠨ ᠪᠣᠯᠪᠠᠰᠣᠷᠠᠭᠤᠯᠬᠤ ᠪᠠᠷ ᠭᠠᠷᠳᠡᠴᠨ ᠪᠣᠯᠭᠠᠵᠤ᠂ ᠣᠡᠴᠠᠯᠢᠡᠡᠳᠤ ᠠᠵᠤ ᠦᠢᠯᠡᠰ ᠤᠨ ᠬᠥᠭᠵᠢᠯᠲᠡ᠂ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠲᠠ᠂ ᠪᠣᠯᠪᠠᠰᠤᠨ ᠰᠤᠷᠲᠠᠯ ᠢ ᠪᠤᠢ ᠪᠣᠯᠭᠠᠬᠤ᠂ ᠬᠥᠳᠡᠭᠡ ᠲᠣᠰᠬᠤᠨ ᠤ ᠠᠮᠢ ᠠᠬᠤᠢ ᠶᠢ ᠬᠥᠭᠵᠢᠭᠦᠯᠦᠨ ᠮᠠᠡᠳᠣᠭᠤᠯᠬᠤ ᠵᠡᠷᠭᠡ ᠠᠵᠢᠯ ᠢ ᠯᠠᠪᠲᠠᠭᠤᠨ ᠪᠠᠳᠤᠲᠠᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠡᠳᠣᠭᠤᠯᠬᠤ ᠪᠠᠶᠢᠯᠳᠤᠬᠤ ᠪᠣᠳᠣᠯᠭ᠎ᠠ ᠶᠢ ᠬᠦᠨᠵᠡᠭᠡᠶᠢᠷᠡᠭᠦᠯᠦᠨ ᠠᠬᠢᠭᠤᠯᠬᠤ ᠶᠢ ᠪᠠᠲᠤᠯᠠᠬᠤ ᠭᠷᠡᠭᠲᠡᠢ᠃ ᠲᠣᠰ ᠤᠳᠠᠭᠠᠨ ᠤ ︽ᠡᠷᠳᠡᠮ ᠴᠢᠳᠠᠪᠤᠷᠢ ᠶᠢᠨ ᠮᠥᠷᠥᠶᠢᠴᠡᠭᠡᠨ︾ ᠢᠶᠠᠷ ᠠᠵᠠ ᠲᠣᠬᠢᠶᠠᠯ ᠪᠣᠯᠭᠠᠵᠤ᠂ ᠲᠡᠷᠢᠭᠦᠨ ᠤ ᠲᠣᠷᠰᠢᠯᠭ᠎ᠠ ᠠᠴᠠ ᠰᠤᠷᠤᠯᠴᠠᠨ ᠲᠣᠯᠢᠳᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠥᠭᠵᠢᠯᠲᠠ ᠶᠢᠨ ᠰᠡᠳᠬᠢᠴᠡ ᠪᠠ ᠠᠷᠭ᠎ᠠ ᠬᠡᠮᠵᠢᠶ᠎ᠡ ᠶᠢᠨ ᠲᠠᠯ᠎ᠠ ᠳᠤ ᠰᠢᠨ᠎ᠡ ᠶᠢ ᠡᠭᠦᠳᠴᠦ᠂ ᠨᠠᠮ ᠤᠨ ᠪᠠᠶᠢᠭᠤᠯᠤᠯᠲᠠ ᠶᠢ ᠠᠣᠡᠬᠤᠵᠤ ᠬᠥᠳᠡᠭᠡ ᠲᠣᠰᠬᠤᠨ ᠢ ᠬᠦᠭᠵᠢᠭᠦᠯᠤᠨ ᠮᠠᠡᠳᠣᠭᠤᠯᠬᠤ ᠶᠢ ᠠᠬᠢᠭᠤᠯᠬᠤ ᠠᠵᠢᠯ ᠳᠤ ᠲᠠᠰᠤᠷᠡᠯᠲᠡ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠪᠡ᠃
       ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠡᠬᠠᠳᠡ ᠬᠤᠲᠠ ᠶᠢᠨ ᠨᠠᠮ ᠤᠨ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠡᠳᠣᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠰᠢᠢᠳᠪᠤᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠡᠪᠣᠷᠢᠵᠢᠭᠤᠯᠬᠤ ᠶᠢᠨ ᠲᠥᠯᠥᠭᠡ᠂ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠠᠴᠠ ᠡᠮᠦᠨ᠎ᠡ᠂ ᠬᠤᠰᠢᠭᠤᠨ ᠨᠠᠮ ᠤᠨ ᠬᠤᠷᠢᠶ᠎ᠠ 2024 ᠣᠨ ᠤ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ ᠶᠢᠨ ᠬᠥᠳᠡᠭᠡ  ᠲᠣᠰᠬᠤᠨ ᠢ ᠬᠥᠭᠵᠢᠭᠦᠯᠦᠨ ᠮᠠᠡᠳᠣᠭᠤᠯᠬᠤ ︽ᠡᠷᠳᠡᠮ ᠴᠢᠳᠠᠪᠤᠷᠢ ᠶᠢᠨ ᠮᠥᠷᠥᠶᠢᠴᠡᠭᠡᠨ︾ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠲᠤᠬᠠᠢ  ᠶᠢᠨ ᠭᠠᠵᠡᠷ ᠲᠤᠨᠢ ᠪᠠᠶᠢᠴᠠᠭᠠᠵᠤ ᠶᠡᠷᠦᠩᠭᠡᠶᠢᠯᠠᠨ ᠰᠢᠯᠭᠠᠨ ᠦᠨᠡᠯᠡᠬᠦ + ᠡᠷᠳᠡᠮ ᠴᠢᠳᠠᠪᠤᠷᠢ ᠶᠢᠨ ᠮᠥᠷᠥᠶᠢᠴᠡᠭᠡᠨ ᠤ ᠲᠤᠬᠠᠢ ᠶᠢᠨ ᠲᠠᠯᠡᠪᠠᠢ ᠶᠢᠨ ᠠᠳᠠᠯᠢᠳᠬᠠᠯ︾ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠪᠥᠬᠦ ᠬᠤᠰᠢᠭᠤᠨ ᠤ ᠰᠤᠮᠤ ᠰᠢᠶᠠᠩ ᠪᠡᠯᠭᠠᠰᠤ ᠶᠢᠨ ᠨᠠᠮ ᠤᠨ ᠬᠤᠷᠢᠶᠠᠨ ᠤ ᠱᠦᠵᠢ ᠠᠮᠵᠢᠯᠲᠠ ᠪᠦᠲᠦᠮᠵᠢ ᠪᠠᠨ ᠳᠡᠯᠭᠡᠨ᠂ ᠲᠣᠷᠰᠢᠯᠭ᠎ᠠ ᠪᠠᠨ ᠰᠣᠯᠢᠯᠴᠠᠵᠦ᠂ ᠠᠵᠢᠯ ᠤᠨ ᠰᠡᠳᠬᠢᠴᠡ ᠪᠠᠨ ᠶᠠᠷᠢᠨ᠂ ᠡᠷᠴᠢ ᠬᠦᠴᠦᠨ ᠢᠶᠠᠨ ᠠᠳᠠᠯᠢᠳᠬᠠᠪᠠ᠃ ︵ᠯᠠᠢ ᠬᠤᠸᠠᠨ ᠢᠦᠢ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号