ᠴᠧᠨ ᠬᠤ᠋ ᠨᠠᠨ ᠪᠥᠬᠦ ᠬᠤᠰᠢᠭᠤᠨ ᠤ ᠦᠶᠡᠷ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ  ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/16
       8 ᠰᠠᠷ᠎ᠠ ᠶᠢᠨ 15 ᠤ ᠦᠳᠡ ᠶᠢᠨ ᠬᠤᠶᠢᠨ᠎ᠠ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠵᠠᠰᠠᠭ ᠤᠨ ᠣᠷᠳᠣᠨ ᠤ ᠳᠠᠷᠤᠭ᠎ᠠ ᠴᠧᠨ ᠬᠤ᠋ ᠨᠡᠨ ᠪᠥᠬᠦ ᠬᠤᠰᠢᠭᠤᠨ ᠤ ᠦᠶᠠᠷ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠶᠢᠷ᠎ᠠ ᠶᠢᠨ ᠬᠤᠭᠤᠴᠠᠭᠠᠨ ᠤ ᠦᠶᠠᠷ ᠢ ᠰᠡᠷᠭᠡᠶᠢᠯᠡᠬᠦ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠡᠵᠤ᠂ ᠡᠯ᠎ᠡ ᠰᠤᠮᠤ ᠰᠢᠶᠠᠩ ᠪᠠᠯᠭᠠᠰᠤ᠂ ᠵᠡᠬᠡᠯᠢ ᠭᠤᠳᠣᠮᠵᠢ ᠵᠢᠴᠢ ᠤᠬᠠᠭᠤᠯᠬᠤ ᠬᠡᠯᠳᠡᠰ᠂ ᠤᠰᠤᠨ ᠠᠰᠢᠡᠡᠯᠠᠯᠳᠡ ᠶᠢᠨ ᠲᠤᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ ᠰᠡᠯᠠᠭ᠎ᠠ ᠮᠦᠴᠢᠷ ᠤᠨ ᠦᠶᠡᠷ ᠢ ᠰᠡᠷᠬᠡᠶᠢᠯᠡᠬᠦ ᠪᠡᠯᠡᠳᠬᠡᠯ ᠠᠵᠢᠯ ᠤᠨ ᠪᠠᠶᠢᠳᠡᠯ ᠢ ᠰᠣᠨᠣᠰᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠳᠠᠬᠢᠨ ᠲᠤᠬᠢᠷᠠᠭᠤᠯᠵᠤ ᠲᠠᠬᠢᠨ ᠪᠠᠶᠢᠷᠢᠯᠠᠭᠤᠯᠪᠠ᠃        ᠴᠧᠨ ᠬᠤ᠋ ᠨᠠᠨ ᠵᠢᠭᠠᠬᠤ ᠳᠠᠭᠠᠨ᠂ ᠦᠶᠡᠷ ᠢ ᠰᠡᠷᠭᠡᠶᠢᠯᠡᠬᠦ ᠠᠵᠢᠯ ᠨᠢ ᠠᠷᠠᠳ ᠤᠯᠠᠨ ᠤ ᠠᠮᠢ ᠨᠠᠰᠤ ᠪᠣᠯᠣᠨ ᠡᠳ᠋ ᠬᠥᠷᠥᠩᠭᠡ ᠶᠢᠨ ᠠᠮᠤᠷ ᠲᠥᠪᠰᠢᠨ᠂ ᠨᠠᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠡᠩᠭᠤᠢ ᠲᠣᠭᠳᠠᠭᠤᠨ  ᠲᠠᠢ ᠬᠤᠯᠪᠤᠡᠡᠳᠡᠨ᠎ᠠ᠃ ᠡᠷᠬᠡᠪᠰᠢ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠦ᠂ ᠦᠵᠡᠯ ᠰᠠᠨᠠᠭ᠎ᠠ ᠳᠠᠨᠢᠯᠲᠠ ᠪᠠᠨ ᠲᠡᠭᠡᠭᠰᠢᠯᠡᠭᠦᠯᠦᠨ᠂ ᠲᠡᠭᠡᠳᠤ ᠬᠡᠮᠵᠢᠶᠠᠨ ᠤ ᠰᠤᠨᠣᠷ ᠰᠠᠷᠠᠮᠵᠢ ᠲᠠᠢ ᠪᠠᠶᠢᠵᠦ᠂ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠢᠮᠬᠠᠳᠡ ᠪᠣᠯᠭᠤᠮᠵᠢᠲᠡᠢ ᠰᠠᠶᠢᠲᠦᠷ ᠬᠢᠵᠦ᠂ ᠦᠶᠡᠷ ᠤᠨ ᠬᠤᠭᠤᠴᠠᠭ᠎ᠠ ᠶᠢ ᠠᠮᠤᠷ ᠲᠥᠪᠰᠢᠨ ᠢᠶᠠᠷ ᠥᠩᠭᠡᠷᠡᠭᠦᠯᠬᠦ ᠶᠢ ᠪᠠᠳᠤᠯᠠᠬᠤ ᠬᠡᠷᠡᠭᠲᠡᠢ ᠭᠡᠪᠡ᠃
       ᠴᠧᠨ ᠬᠤ᠋ ᠨᠠᠨ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠬᠡᠮ ᠰᠣᠭᠤᠭ ᠤᠨ ᠠᠰᠠᠭᠤᠳᠠᠯ ᠢ ᠴᠡᠭᠴᠡᠯᠠᠨ ᠰᠠᠶᠢᠵᠢᠷᠠᠭᠤᠯᠬᠤ ᠪᠠᠨ ᠴᠢᠩᠭᠠᠣᠡᠬᠠᠵᠤ᠂ ᠤᠰᠤᠨ ᠴᠥᠬᠦᠷᠥᠮ ᠤᠨ ᠬᠠᠰᠢᠯᠭ᠎ᠠ᠂ ᠠᠶᠤᠯ ᠶᠡᠬᠡᠲᠡᠢ ᠪᠠᠷᠢᠯᠭ᠎ᠠ ᠶᠢᠨ ᠬᠡᠰᠡᠭ᠂ ᠤᠰᠤ ᠣᠷᠣᠰᠤᠨ ᠥᠩᠭᠡᠷᠡᠬᠦ ᠵᠠᠮ ᠵᠡᠷᠭᠡ ᠭᠤᠣᠯᠳᠠᠯᠭ᠎ᠠ ᠲᠠᠢ ᠬᠡᠰᠡᠭ ᠢ ᠴᠢᠩᠭ᠎ᠠ ᠠᠩᠬᠠᠷᠴᠣ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠠᠷᠢᠨ ᠬᠡᠷᠡᠭᠵᠢᠭᠦᠯᠦᠨ ᠪᠠᠷᠢᠨ ᠰᠠᠶᠢᠵᠢᠷᠠᠭᠤᠯᠵᠤ᠂ ᠡᠯ᠎ᠡ ᠵᠦᠢᠯ ᠤᠨ ᠠᠳᠡᠯ ᠤᠨ ᠭᠠᠮᠰᠢᠭ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠳᠡᠢ᠃ ᠬᠢᠨᠠᠨ ᠬᠡᠮᠵᠢᠵᠦ ᠰᠡᠷᠡᠮᠵᠢᠯᠡᠭᠦᠯᠬᠦ ᠪᠠᠨ ᠴᠢᠩᠭᠠᠣᠡᠬᠠᠨ᠂ ᠪᠣᠷᠣᠭᠠᠨ ᠤ ᠪᠠᠶᠢᠳᠡᠯ᠂ ᠤᠰᠤᠨ ᠤ ᠪᠠᠶᠢᠳᠡᠯ ᠤᠨ ᠬᠤᠪᠢᠷᠠᠯᠳᠡ ᠶᠢ ᠨᠢᠡᠡᠳᠡ ᠬᠢᠨᠠᠨ ᠬᠡᠮᠵᠢᠵᠦ᠂ ᠭᠤᠣᠯᠳᠠᠯᠭᠠᠳᠣ ᠠᠶᠤᠯ ᠲᠦᠭᠰᠢᠭᠦᠷᠢ ᠵᠢᠴᠢ ᠨᠦᠯᠣᠭᠡᠯᠡᠬᠦ ᠣᠷᠣᠨ ᠪᠦᠰᠡ ᠶᠢ ᠶᠡᠷᠣᠩᠭᠡᠶᠢᠯᠡᠨ ᠰᠤᠳᠤᠯᠤᠨ ᠮᠠᠭᠠᠳᠯᠡᠵᠦ᠂ ᠰᠡᠷᠡᠮᠵᠢᠯᠡᠭᠦᠯᠬᠦ ᠮᠡᠳᠡᠭᠡ ᠵᠡᠩᠬᠢ ᠪᠣᠯᠤᠨ ᠲᠦᠭᠰᠢᠭᠦᠷᠢ ᠶᠢᠨ ᠰᠠᠨᠠᠭᠤᠯᠤᠮᠵᠢ  ᠶᠢ ᠴᠠᠭ ᠲᠤᠬᠠᠢ ᠳᠤᠨᠢ ᠨᠡᠶᠢᠲᠡᠯᠡᠨ᠂ ᠮᠡᠳᠡᠭᠡ ᠵᠠᠩᠭᠢ ᠶᠢ ᠬᠠᠮᠲᠤᠪᠡᠷ ᠬᠦᠷᠲᠡᠬᠦ ᠲᠣᠭᠳᠠᠴᠠ ᠶᠢ ᠰᠠᠭᠠᠳ ᠦᠭᠡᠢ ᠨᠡᠪᠲᠡᠷᠡᠭᠦᠯᠵᠦ᠂ ᠦᠶᠡᠷ ᠢ ᠰᠡᠷᠬᠡᠶᠢᠯᠡᠬᠦ ᠠᠵᠢᠯ ᠳᠤ ᠰᠠᠨᠠᠭᠠᠴᠢᠯᠠᠭᠠᠲᠤ ᠪᠠᠶᠢᠷᠢ ᠶᠢ ᠣᠯᠬᠤ ᠬᠡᠷᠡᠭᠲᠡᠢ᠃ ᠪᠠᠴᠢᠮ ᠪᠠᠶᠢᠳᠡᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠣᠨᠴᠠᠭᠠᠢ ᠴᠠᠭ ᠠᠭᠤᠷ ᠤᠨ ᠪᠠᠶᠢᠳᠠᠯ ᠲᠣᠣᠷᠠᠬᠢ ᠰᠡᠷᠭᠡᠶᠢᠯᠡᠨ ᠠᠷᠭᠠᠴᠠᠭᠠᠬᠤ ᠠᠷᠭ᠎ᠠ ᠬᠡᠮᠵᠢᠶ᠎ᠠ ᠶᠢ ᠨᠠᠷᠢᠯᠢᠡᠡᠵᠢᠭᠤᠯᠣᠨ᠂ ᠪᠠᠴᠢᠮ  ᠪᠠᠶᠢᠳᠠᠯ  ᠢ  ᠠᠷᠭᠠᠴᠠᠭᠠᠬᠤ  ᠠᠵᠢᠯᠯᠠᠭ᠎ᠠ᠂ ᠡᠳ᠋ ᠪᠣᠳᠠᠰ ᠢ ᠲᠣᠬᠢᠷᠠᠭᠤᠯᠬᠤ᠂ ᠬᠥᠮᠥᠰ ᠢ ᠨᠡᠭᠦᠯᠭᠡᠨ ᠠᠶᠤᠯ ᠠᠴᠠ ᠵᠠᠶᠢᠯᠠᠭᠤᠯᠬᠤ ᠵᠡᠷᠭᠡ ᠪᠡᠯᠡᠳᠬᠡᠯ ᠲᠦᠰᠦᠯ ᠢ ᠪᠦᠷᠢᠡᠰᠢᠭᠦᠯᠤᠨ ᠲᠡᠭᠦᠯᠳᠡᠷᠵᠢᠭᠦᠯᠵᠦ᠂ ᠠᠶᠤᠯ ᠲᠦᠭᠰᠢᠭᠦᠷᠢᠲᠦ ᠪᠠᠶᠢᠳᠠᠯ ᠭᠠᠷᠪᠠᠯ ᠡᠮᠬᠢ ᠵᠢᠷᠤᠮ ᠲᠠᠢ᠂ ᠥᠨᠳᠦᠷ ᠪᠦᠲᠦᠮᠵᠢᠲᠡᠢ ᠠᠷᠭᠠᠴᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠲᠠᠯ᠎ᠠ ᠵᠢᠨ‌ᠬᠠᠷᠢᠭᠤᠴᠠᠯᠭ᠎ᠠ ᠶᠢ ᠪᠣᠳᠠᠳᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ 24 ᠴᠠᠭ ᠤᠨ ᠵᠢᠵᠢᠭᠦᠷᠯᠡᠯᠲᠡ ᠪᠠ ᠣᠳᠣᠷᠢᠳᠣᠯᠭ᠎ᠠ ᠵᠢᠵᠢᠭᠦᠷ ᠲᠠᠭᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠦᠶᠠᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠭᠤᠨ᠋ᠡᠴᠤᠭ᠎ᠠ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠢ ᠪᠥᠬᠦ ᠲᠠᠯ᠎ᠠ ᠪᠠᠷ ᠡᠮᠬᠢᠯᠠᠵᠤ᠂ ᠦᠶᠡᠷ  ᠢ ᠰᠡᠷᠭᠡᠶᠢᠯᠡᠬᠦ ᠠᠵᠢᠯ ᠤᠨ ᠳᠡᠭᠡᠳᠦ ᠳᠣᠣᠷᠠᠳᠤ ᠱᠡᠲᠦ ᠪᠠᠷ ᠢᠶᠠᠨ ᠨᠡᠪᠲᠡᠷᠠᠯᠴᠡᠬᠦ᠂ ᠵᠠᠰᠠᠭ ᠵᠠᠷᠯᠢᠭ ᠰᠠᠭᠠᠳ ᠦᠭᠡᠢ ᠨᠡᠪᠲᠡᠷᠡᠬᠦ᠂ ᠪᠦᠲᠦᠮᠵᠢᠲᠠᠢ ᠰᠠᠶᠢᠨ ᠬᠠᠮᠵᠢᠯᠴᠠᠬᠤ ᠵᠢᠯᠣᠭᠤᠳᠣᠯᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ ᠬᠡᠪᠡ᠃        ᠡᠯ᠎ᠡ ᠰᠤᠮᠦ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠬᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠬᠤᠰᠢᠭᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠳᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号