ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠤ ᠬᠤᠷᠴᠢᠨ ᠬᠤᠰᠢᠭᠤᠨ ᠤ ᠠᠷᠪᠠᠨ ᠳᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠭᠤᠷᠪᠠᠳᠤᠭᠠᠷ ᠪᠦᠭᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/19
       ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠤ ᠬᠤᠷᠴᠢᠨ ᠬᠤᠰᠢᠭᠤᠨ ᠤ ᠠᠷᠪᠠᠨ ᠳᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠭᠤᠷᠪᠠᠳᠤᠭᠠᠷ ᠪᠦᠭᠦᠳᠡ ᠬᠤᠷᠠᠯ ᠴᠢᠪᠠᠭ᠎ᠠ ᠪᠠᠯᠭᠠᠰᠤᠨ ᠳᠤ ᠬᠤᠷᠠᠯᠳᠤᠪᠠ᠃        ᠪᠦᠭᠦᠳᠡ ᠬᠤᠷᠠᠯ ᠠᠴᠠ ᠬᠤᠰᠢᠭᠤᠨ ᠨᠠᠮ ᠤᠨ ᠬᠤᠷᠢᠶᠠᠨ ᠤ ᠱᠦᠵᠢ ᠸᠧᠢ ᠪᠢᠯᠢᠭ ᠤᠨ ᠬᠢᠭᠰᠡᠨ ᠠᠵᠢᠯ  ᠤᠨ ᠮᠡᠳᠡᠭᠦᠯᠦᠯᠲᠡ ᠶᠢ ᠰᠣᠨᠣᠰᠴᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ  ᠭᠤᠷᠪᠠᠳᠣᠭᠠᠷ ᠪᠦᠭᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠣᠭᠠᠷ ᠪᠦᠭᠦᠳᠡ ᠬᠤᠷᠠᠯ ᠪᠣᠯᠣᠨ ᠤᠯᠠᠭᠠᠡᠬᠠᠳᠡ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠲᠣᠯᠣᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠭᠡᠷᠡᠴᠢᠯᠡᠯᠲᠠ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠬᠦᠨᠵᠡᠭᠡᠶᠢᠷᠡᠭᠦᠯᠦᠨ᠂ ᠠᠷᠤ ᠬᠤᠷᠴᠢᠨ ᠬᠤᠰᠢᠭᠤᠨ ᠤ ᠣᠳᠦᠬᠢᠴᠢᠯᠡᠯᠲᠠ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠤ ᠬᠤᠷᠴᠢᠨ ᠬᠤᠰᠢᠭᠤᠨ ᠤ ᠬᠤᠷᠢᠶ᠎ᠠ ᠶᠢᠨ ᠬᠡᠷᠡᠭᠵᠢᠭᠦᠯᠬᠦ ᠲᠦᠰᠥᠯ︾ ᠢ ᠬᠢᠨᠠᠨ ᠵᠥᠪᠯᠡᠵᠦ ᠪᠠᠲᠤᠯᠡᠪᠡ᠃ᠪᠦᠭᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠨᠢ ᠰᠢᠨ᠎ᠡ ᠴᠠᠭ ᠦᠶ᠎ᠡ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠶᠢ ᠠᠬᠢᠭᠤᠯᠬᠤ ᠳᠤ ᠴᠢᠭᠯᠡᠯ ᠤᠨ ᠵᠢᠯᠣᠭᠤᠳᠣᠯᠭ᠎ᠠ ᠪᠣᠯᠣᠨ ᠦᠨᠳᠦᠰᠦᠨ ᠵᠢᠷᠤᠮᠯᠠᠯ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠣᠭᠠᠷ  ᠪᠦᠬᠦᠳᠠ ᠬᠤᠷᠠᠯ ᠪᠣᠯᠣᠨ ᠤᠯᠠᠭᠠᠡᠬᠠᠳᠡ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠲᠤᠯᠣᠳᠤᠭᠠᠷ ᠪᠦᠭᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠨ᠎ᠠ  ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠭᠤᠤᠯᠳᠠᠯᠭ᠎ᠠ ᠲᠠᠢ ᠦᠭᠡᠷᠡᠴᠢᠯᠡᠯᠲᠡ ᠶᠢᠨ ᠡᠭᠦᠷᠭᠡ ᠶᠢ ᠰᠢᠰᠲ᠋ᠧᠮ ᠲᠠᠢ ᠪᠠᠶᠢᠷᠢᠯᠠᠭᠤᠯᠵᠦ᠂ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠭᠤᠣᠯ ᠰᠢᠪᠲᠤᠯᠬᠤ ᠴᠢᠭᠯᠡᠯ ᠢ ᠲᠣᠳᠣᠷᠬᠠᠶᠢᠯᠠᠪᠠ᠃ ᠪᠥᠬᠦ ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠣᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠬᠦᠨᠵᠡᠭᠡᠢ ᠣᠶᠢᠯᠠᠭᠠᠵᠤ᠂ ᠦᠭᠡᠷᠡᠴᠢᠯᠡᠯᠲᠡ ᠶᠢᠨ ᠢᠳᠡᠭᠡᠯ ᠵᠣᠷᠢᠭ ᠢᠶᠠᠨ ᠪᠠᠲᠤᠳᠬᠠᠨ᠂ ᠦᠭᠡᠷᠡᠴᠢᠯᠡᠯᠲᠡ ᠶᠢᠨ ᠲᠣᠭᠳᠠᠯ ᠬᠦᠴᠦᠨ ᠢᠶᠠᠨ ᠪᠠᠲᠤᠯᠠᠵᠤ᠂ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠤᠯᠠᠭᠠᠡᠬᠠᠳᠡ ᠬᠤᠲᠠ ᠶᠢᠨ ᠨᠡᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠦᠭᠡᠷᠡᠴᠢᠯᠡᠯᠲᠡ ᠶᠢᠨ ᠡᠭᠦᠷᠭᠡ ᠶᠢ ᠰᠠᠶᠢᠳᠦᠷ ᠣᠶᠢᠯᠠᠭᠠᠨ ᠰᠠᠶᠢᠳᠤᠷ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ  ᠪᠠᠷ ᠢᠶᠠᠨ ︽ᠬᠤᠶᠠᠷ ᠢ ᠲᠤᠭᠳᠠᠭᠠᠬᠤ︾ ᠶᠢ ᠡᠷᠡᠰ ᠬᠦᠷᠢᠶᠡᠯᠡᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠠᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃        ᠪᠦᠭᠦᠳᠡ ᠬᠤᠷᠠᠯ ᠠᠴᠠ᠂ ᠳᠣᠤᠷ᠎ᠠ ᠬᠠᠭᠠᠰ ᠵᠢᠯ ᠤᠨ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠨᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠡᠪᠣᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠠᠵᠤ ᠠᠬᠤᠢ ᠶᠢᠨ ᠬᠥᠭᠵᠢᠯᠲᠡ᠂ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠣᠷᠢᠵᠤ ᠪᠡᠯᠡ ᠣᠷᠣᠭᠤᠯᠬᠤ ᠵᠡᠷᠭᠡ ᠠᠵᠢᠯ ᠢ ᠨᠢᠭᠡᠳᠦᠯᠲᠠᠢ ᠲᠥᠯᠥᠪᠯᠡᠨ ᠠᠬᠢᠭᠤᠯᠵᠤ᠂ ᠪᠥᠬᠦ ᠵᠢᠯ  ᠤᠨ ᠲᠣᠭᠳᠠᠭᠰᠠᠨ ᠬᠠᠷᠠᠯᠲᠠ ᠡᠭᠦᠷᠭᠡ ᠶᠢ ᠲᠣᠭᠳᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠠᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠠᠮᠢ ᠠᠬᠤᠢ ᠶᠢᠨ ᠣᠷᠴᠢᠨ ᠨᠦᠬᠦᠴᠡᠯ ᠤᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭ᠎ᠠ ᠵᠡᠷᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠠᠮᠢ ᠠᠬᠤᠢ ᠶᠢᠨ ᠠᠮᠤᠷ ᠲᠥᠪᠰᠢᠨ ᠤ ᠬᠠᠯᠬᠠᠪᠴᠢ ᠶᠢ ᠡᠷᠡᠰ ᠪᠠᠲᠤ ᠪᠠᠶᠢᠭᠤᠯᠤᠨ ᠴᠤᠭᠴᠠᠯᠠᠬᠤ ᠬᠡᠷᠡᠭᠲᠡᠢ᠃ ᠠᠷᠠᠳ ᠤᠨ ᠠᠮᠢᠳᠦᠷᠡᠯ ᠤᠨ ᠬᠦᠷᠢᠶᠡᠨ ᠳᠠᠬᠢ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠣᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠵᠣᠬᠢᠴᠡᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠶᠤᠯᠬᠦᠢ ᠦᠢᠯᠡᠳᠪᠤᠷᠢᠯᠡᠯ ᠤᠨ  ᠬᠠᠷᠢᠭᠤᠴᠠᠯᠭ᠎ᠠ ᠶᠢ ᠱᠡᠳᠤ ᠱᠠᠲᠤ ᠪᠠᠷ ᠪᠠᠲᠤᠳᠬᠠᠵᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠪᠠ ᠵᠦᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠤᠷᠢᠯᠡᠬᠦ ᠠᠵᠢᠯ ᠢ ᠴᠢᠩᠭᠠᠣᠡᠬᠠᠵᠤ᠂ ᠠᠮᠤᠷ ᠲᠥᠪᠰᠢᠨ ᠡᠶ᠎ᠡ ᠵᠣᠬᠢᠴᠠᠩᠭᠤᠢ ᠲᠣᠭᠳᠠᠭᠤᠨ ᠨᠠᠶᠢᠭᠡᠮ ᠤᠨ ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠣᠡᠬᠠᠵᠣ᠂ ︽ᠠᠷᠦ ᠬᠤᠷᠴᠢᠨ ᠬᠤᠰᠢᠭᠤᠨ ᠤ ᠪᠠᠭ᠎ᠠ ᠬᠦᠷᠢᠶ᠎ᠡ︾ ᠤᠨ ᠶᠠᠰᠤ ᠴᠢᠨᠠᠷ ᠢ ᠳᠡᠭᠡᠭᠰᠢᠯᠡᠭᠦᠯᠦᠨ ᠭᠡᠪᠴᠢᠶ᠎ᠡ ᠶᠢ ᠥᠷᠭᠡᠳᠬᠡᠬᠦ ᠠᠵᠢᠯ ᠢ ᠰᠠᠶᠢᠲᠤᠷ ᠬᠢᠵᠦ᠂ ᠰᠠᠬᠢᠯᠭ᠎ᠠ ᠪᠠᠲᠤ ᠶᠢᠨ ᠬᠥᠮᠦᠵᠢᠯ ᠤᠨ ᠪᠠᠶᠢᠩᠭᠤ ᠶᠢᠨ ᠣᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠬᠡᠯᠪᠡᠷᠢᠴᠢ ᠦᠵᠡᠯ ᠢᠶᠠᠷ ᠦᠨᠳᠦᠰᠦᠨ ᠱᠡᠳᠦᠨ ᠤ ᠳᠠᠷᠤᠭᠠᠰᠤ ᠶᠢ ᠬᠦᠩᠭᠡᠷᠡᠭᠦᠯᠬᠦ᠂ ᠤᠯᠠᠨ ᠲᠦᠮᠡᠨ ᠤ ᠲᠡᠷᠭᠡᠲᠡᠬᠢ ᠲᠥᠪ ᠪᠣᠰᠤ ᠰᠤᠷᠳᠡᠯ ᠪᠣᠯᠣᠨ ᠢᠯᠵᠡᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠠᠨ ᠵᠠᠰᠠᠬᠤ ᠶᠢ ᠨᠢᠭᠡ ᠴᠣᠭᠴᠡᠵᠢᠭᠤᠯᠤᠨ ᠠᠬᠢᠭᠤᠯᠵᠤ᠂ ᠰᠤᠷᠳᠠᠯ ᠴᠢᠭᠡᠴᠢ ᠣᠪᠣᠷ ᠲᠥᠪ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠡᠵᠠᠢ᠃ ︵ ᠬᠠᠮ ᠵᠠᠭᠤᠴᠢᠯᠠᠭᠤᠷ ᠤᠨ ᠪᠦᠬᠦ ᠰᠣᠷᠪᠣᠯᠵᠢᠯᠬᠠᠴᠢᠣᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号