ᠴᠧᠨ ᠬᠤ᠋ ᠨᠠᠨ ᠪᠥᠬᠦ ᠬᠤᠰᠢᠭᠤᠨ ᠤ ᠮᠠᠯᠵᠢᠬᠤ ᠳᠠᠷᠢᠶᠠᠯᠠᠬᠤ ᠣᠷᠣᠨ ᠤ ᠬᠠᠮᠲᠤ ᠶᠢᠨ ︽ᠪᠡᠯᠡ ᠮᠥᠩᠬᠦ᠂ ᠡᠳ᠋ ᠬᠥᠷᠥᠩᠭᠡ᠂ ᠡᠬᠢ ᠪᠠᠶᠠᠯᠢᠭ︾ ᠤᠨ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/19
       8 ᠰᠠᠷ᠎ᠠ ᠶᠢᠨ 17 ᠤ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠧᠨ ᠬᠤ᠋ ᠨᠡᠨ ᠪᠥᠬᠦ ᠬᠤᠰᠢᠭᠤᠨ ᠤ ᠮᠠᠯᠵᠢᠬᠤ ᠳᠠᠷᠢᠶᠠᠯᠠᠬᠤ ᠣᠷᠣᠨ ᠤ ᠬᠠᠮᠲᠤ ᠶᠢᠨ ︽ᠪᠡᠯᠡ ᠮᠥᠩᠬᠦ᠂ ᠡᠳ᠋ ᠬᠦᠷᠥᠩᠭᠡ᠂ ᠡᠬᠢ ᠪᠠᠶᠠᠯᠢᠭ︾ ᠤᠨ ᠬᠠᠮᠢᠶᠠᠷᠤᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠰᠤᠮᠤ ᠰᠢᠶᠠᠩ ᠪᠠᠯᠭᠠᠰᠤ᠂ ᠵᠡᠬᠡᠯᠢ ᠭᠤᠳᠣᠮᠵᠢ   ᠶᠢᠨ  ︽ ᠪᠡᠯᠡ  ᠮᠥᠩᠭᠦ᠂ ᠡᠳ᠋ ᠬᠥᠷᠥᠩᠬᠡ᠂ ᠡᠬᠢ ᠪᠠᠶᠠᠯᠢᠭ︾ ᠤᠨ ᠬᠠᠮᠢᠶᠠᠷᠤᠯᠲᠠ᠂ ᠳᠦᠷᠢᠮ ᠤᠨ ᠪᠠᠶᠢᠭᠤᠯᠤᠯᠲᠠ᠂ ᠲᠠᠪᠴᠠᠩ ᠤᠨ ᠬᠡᠷᠡᠭᠯᠡᠯᠲᠡ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠨᠢᠭᠡᠳ ᠨᠢᠭᠡ ᠪᠠᠷ ᠰᠣᠨᠣᠰᠴᠤ᠂ ᠳᠠᠷᠠᠭᠠᠴᠢ  ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃
       ᠴᠧᠨ ᠬᠤ᠋ ᠨᠠᠨ ᠠᠴᠠ᠂ ᠮᠠᠯᠵᠢᠬᠤ ᠳᠠᠷᠢᠶᠠᠯᠠᠬᠤ ᠣᠷᠣᠨ ᠤ ᠬᠠᠮᠲᠤ ᠶᠢᠨ ︽ᠪᠡᠯᠡ ᠮᠥᠩᠬᠦ᠂ ᠡᠳ᠋ ᠬᠥᠷᠥᠩᠬᠡ᠂ ᠡᠬᠢ ᠪᠠᠶᠠᠯᠢᠭ︾ ᠢ ᠵᠢᠷᠤᠮᠵᠢᠭᠤᠯᠤᠨ ᠬᠠᠮᠢᠶᠠᠷᠬᠤ ᠪᠣᠯ ᠤᠯᠠᠨ ᠲᠦᠮᠡᠨ ᠤ ᠲᠡᠷᠭᠡᠲᠡᠬᠢ ᠲᠥᠪ ᠪᠤᠰᠤ ᠰᠤᠷᠳᠠᠯ ᠪᠠ ᠢᠯᠵᠡᠷᠡᠯ ᠤᠨ ᠠᠰᠠᠭᠤᠳᠠᠯ ᠢ ᠴᠡᠭᠴᠡᠯᠡᠨ ᠵᠠᠰᠠᠬᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ  ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠡᠳᠣᠭᠤᠯᠬᠤ ᠪᠣᠳᠠᠰ ᠤᠨ ᠰᠠᠭᠤᠷᠢ ᠶᠢ ᠪᠠᠲᠤᠳᠬᠠᠬᠤ ᠴᠢᠬᠤᠯᠠ ᠠᠷᠭ᠎ᠠ ᠪᠠᠷᠢᠯ ᠮᠥᠨ᠃ ᠡᠨᠡ ᠨᠢ ᠮᠠᠯᠴᠢᠨ ᠲᠠᠷᠢᠶᠠᠴᠢᠨ ᠤ ᠲᠣᠰ ᠪᠡᠶ᠎ᠡ ᠶᠢᠨ ᠠᠰᠢᠭ ᠲᠤᠰᠠ ᠪᠠ ᠮᠠᠯᠵᠢᠬᠤ ᠳᠠᠷᠢᠶᠠᠯᠠᠬᠤ ᠣᠷᠣᠨ ᠤ ᠡᠶ᠎ᠡ ᠵᠣᠬᠢᠴᠠᠩᠭᠤᠢ ᠲᠣᠭᠳᠠᠭᠤᠨ ᠪᠠᠶᠢᠳᠠᠯ ᠳᠤ ᠬᠤᠯᠪᠣᠭᠳᠠᠬᠤ ᠪᠣᠯᠬᠤᠷ ᠡᠷᠬᠡᠪᠰᠢ ᠴᠢᠩᠭ᠎ᠠ ᠠᠣᠡᠬᠤᠵᠤ ᠪᠣᠳᠠᠲᠠᠢ ᠠᠣᠡᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠬᠤ ᠶᠢᠨ ᠬᠠᠮᠲᠤ᠂ ᠵᠢᠯ ᠤᠨ ᠡᠬᠢᠨ ᠠᠴᠠ ᠨᠠᠭᠠᠰᠢᠬᠢ ᠬᠤᠰᠢᠭᠤᠨ ᠨᠠᠮ ᠤᠨ ᠬᠤᠷᠢᠶ᠎ᠠ ᠶᠢᠨ ᠲᠤᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠰᠠᠭᠤᠷᠢ ᠲᠤᠭ᠎ᠠ ᠶᠢ ᠲᠤᠳᠤᠷᠬᠠᠢ ᠣᠶᠢᠯᠠᠭᠠᠵᠤ᠂ ᠬᠦᠴᠦᠨ ᠢᠶᠠᠨ ᠲᠡᠭᠦᠯᠳᠡᠷᠵᠢᠭᠦᠯᠦᠨ᠂ ᠣᠷᠣᠭᠤᠯᠤᠯᠲᠠ ᠪᠠᠨ ᠨᠡᠮᠡᠭᠳᠡᠭᠦᠯᠵᠤ᠂ ᠡᠳ᠋ ᠬᠦᠷᠥᠩᠭᠡ ᠶᠢ ᠪᠦᠷᠢᠳᠬᠡᠨ ᠬᠠᠷᠭᠤᠭᠤᠯᠬᠤ᠂ ᠥᠮᠴᠢᠯᠡᠬᠦ ᠡᠷᠬᠡ ᠶᠢ ᠲᠣᠳᠤᠷᠬᠠᠢ ᠪᠣᠯᠭᠠᠬᠤ᠂ ᠪᠦᠷᠢᠳᠬᠡᠨ ᠲᠠᠩᠰᠠᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠦᠷ ᠬᠢᠵᠦ᠂ ︽ᠪᠡᠯᠡ ᠮᠥᠩᠬᠦ᠂ ᠡᠳ᠋ ᠬᠥᠷᠥᠩᠬᠡ᠂ ᠡᠬᠢ ᠪᠠᠶᠠᠯᠢᠭ︾ ᠢ ᠢᠯᠭᠠᠷᠠᠭᠤᠯᠤᠨ ᠲᠢᠭᠯᠡᠵᠦ᠂ ︽ᠪᠡᠯᠡ ᠮᠥᠩᠬᠦ᠂ ᠡᠳ᠋ ᠬᠦᠷᠥᠩᠭᠡ᠂ ᠡᠬᠢ ᠪᠠᠶᠠᠯᠢᠭ︾ ᠤᠨ ᠬᠠᠮᠢᠶᠡᠷᠦᠯᠲᠡ ᠶᠢ ᠥᠨᠡᠨᠬᠦ ᠲᠦᠯᠬᠢᠨ  ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠠᠬᠤ ᠶᠢ ᠲᠣᠪᠤᠶᠢᠯᠭᠠᠵᠤ᠂ ᠡᠬᠢ ᠪᠠᠶᠠᠯᠢᠭ ᠡᠳ᠋ ᠬᠦᠷᠦᠩᠭᠡ᠂ ᠢᠡᠵᠧᠨᠧᠷᠢᠩ ᠤᠨ ᠲᠦᠷᠦᠯ ᠵᠦᠢᠯ᠂ ᠭᠠᠴᠠᠭ᠎ᠠ ᠲᠣᠰᠬᠤᠨ ᠤ ᠲᠠᠰ ᠤᠨ ᠡᠳ᠋ ᠤᠨ ᠶᠠᠪᠤᠳᠠᠯ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠴᠢᠩᠭ᠎ᠠ ᠪᠠᠶᠢᠴᠠᠭᠠᠨ ᠪᠣᠳᠠᠲᠠᠢ ᠵᠠᠯᠠᠷᠠᠭᠤᠯᠵᠤ᠂ ᠬᠠᠮᠲᠤ ᠶᠢᠨ ᠪᠡᠯᠡ ᠮᠥᠩᠬᠦ ᠡᠳ᠋ ᠬᠦᠷᠥᠩᠭᠡ ᠶᠢᠨ ᠠᠯᠳᠠᠭᠳᠠᠵᠦ ᠬᠤᠬᠢᠷᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠴᠡᠭ ᠢᠶᠠᠷ ᠨᠡᠶᠢᠳᠡᠮ ᠢ ᠳᠠᠶᠢᠴᠢᠯᠠᠬᠤ ᠶᠢ ᠪᠠᠷᠢᠮᠲᠠᠯᠠᠵᠤ᠂ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠭᠰᠡᠨ ᠰᠠᠭᠤᠷᠢᠨ ᠲᠡᠭᠡᠷ᠎ᠡ᠂ ︽ᠪᠡᠯᠡ ᠮᠥᠩᠬᠦ᠂ ᠡᠳ᠋ ᠬᠦᠷᠦᠩᠭᠡ᠂ ᠡᠬᠢ ᠪᠠᠶᠠᠯᠢᠭ ᠤᠨ ᠬᠠᠮᠢᠶᠠᠷᠦᠯᠲᠠ ᠶᠢᠨ ᠬᠡᠷᠡᠭᠯᠡᠭᠡᠨ ᠤ ᠡᠭᠦᠯᠡᠨ ᠲᠡᠪᠴᠠᠩ︾ ᠢ ᠬᠡᠷᠡᠭᠯᠡᠬᠦ ᠪᠠ ᠵᠢᠷᠤᠮᠵᠢᠭᠤᠯᠤᠨ ᠠᠵᠢᠯᠯᠠᠭᠤᠯᠬᠤ ᠶᠢ ᠪᠠᠷᠢᠮᠲᠠᠯᠠᠵᠤ᠂ ᠡᠯ᠎ᠡ ᠭᠠᠴᠠᠭ᠎ᠠ ᠲᠣᠰᠬᠤᠨ ᠳᠤ ᠪᠥᠬᠦᠨ ᠢ ᠬᠠᠮᠤᠷᠠᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠣᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠂ ᠬᠠᠮᠲᠤ ᠶᠢᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠬᠠᠳᠠᠭᠠᠯᠠᠨ ᠬᠠᠮᠢᠶᠠᠷᠠᠬᠤ᠂ ᠬᠡᠷᠡᠭᠯᠡᠵᠦ ᠰᠢᠢᠳᠪᠦᠷᠢᠯᠡᠬᠦ ᠪᠠ ᠭᠠᠴᠠᠭ᠎ᠠ ᠲᠣᠰᠬᠤᠨ ᠤ ᠱᠠᠳᠤᠨ ᠤ ᠡᠳ᠋ ᠤᠨ ᠶᠠᠪᠤᠳᠠᠯ ᠤᠨ ᠵᠠᠷᠣᠯᠭ᠎ᠠ  ᠶᠢ ᠬᠢᠨᠡᠨ ᠵᠥᠪᠰᠢᠶᠡᠷᠡᠬᠦ᠂ ᠡᠳ᠋ ᠤᠨ ᠶᠠᠪᠤᠳᠠᠯ ᠢ ᠢᠯᠡ ᠪᠣᠯᠭᠠᠬᠤ ᠵᠡᠷᠭᠡ ᠳᠦᠷᠢᠮ ᠢ ᠪᠦᠷᠢᠨᠰᠢᠭᠦᠯᠦᠨ ᠳᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠦ ᠶᠢᠨ ︽ᠪᠡᠯᠡ ᠮᠥᠩᠬᠦ᠂ ᠡᠳ᠋ ᠬᠥᠷᠥᠩᠭᠡ᠂ ᠡᠬᠢ ᠪᠠᠶᠠᠯᠢᠭ︾ ᠤᠨ ᠬᠠᠮᠢᠶᠡᠷᠦᠯᠲᠡ ᠶᠢᠨ ᠳᠦᠷᠢᠮᠵᠢᠯᠲᠡ᠂ ᠵᠢᠷᠤᠮᠵᠢᠯᠲᠡ ᠶᠢᠨ ᠬᠢᠷᠢ ᠬᠡᠮᠵᠢᠶ᠎ᠡ ᠶᠢ ᠲᠠᠰᠤᠷᠠᠯᠲᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃        ᠬᠤᠷᠠᠯ ᠠᠴᠠ ᠪᠠᠰᠠ ᠦᠶᠠᠷ ᠢ ᠰᠡᠷᠭᠡᠶᠢᠯᠡᠵᠦ ᠭᠠᠮᠰᠢᠭ ᠢ ᠪᠠᠭᠠᠰᠠᠬᠠᠬᠤ ᠵᠡᠷᠭᠡ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠳᠣᠬᠢᠷᠠᠭᠤᠯᠤᠯᠲᠠ ᠬᠢᠵᠠᠢ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠬᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠭᠰᠠᠨ ᠪᠠᠶᠢᠨ᠎ᠠ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号