8 ᠰᠠᠷ᠎ᠠ ᠶᠢᠨ 17 ᠤ ᠡᠳᠦᠷ᠂ ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠹᠦ᠋ ᠱᠠᠨ ᠬᠤᠲᠠ | ᠶᠢᠨ ᠶᠠᠩ ᠸᠧᠢ ᠴᠠᠬᠢᠯᠭᠠᠨ ᠬᠡᠷᠡᠭᠰᠡᠯ ᠤᠨ ᠬᠢᠵᠠᠭᠠᠷᠲᠤ ᠺᠣᠮᠫᠠᠨᠢ ᠲᠠᠢ ᠠᠷᠠᠯᠵᠢᠶᠠᠴᠢᠨ ᠤᠷᠢᠬᠤ ᠵᠥᠪᠳᠡᠯᠴᠡᠭᠡᠷ ᠬᠢᠵᠦ᠂ | ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠧᠨ ᠬᠤ᠋ ᠨᠠᠨ᠂ | ᠬᠤᠰᠢᠭᠤᠨ ᠵᠠᠰᠠᠭ ᠤᠨ ᠣᠷᠳᠣᠨ ᠤ ᠳᠡᠳ᠋ ᠲᠠᠷᠤᠭ᠎ᠠ ᠶᠠᠨ ᠰᠢᠤᠸᠠᠢ ᠲᠣᠣ᠂ ᠶᠠᠩ ᠸᠧᠢ ᠴᠠᠬᠢᠯᠭᠠᠨ ᠬᠡᠷᠡᠭᠰᠡᠯ ᠤᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠯᠢᠦᠢ ᠺᠠᠢ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠯᠢᠦᠢ ᠺᠠᠢ ᠡᠯᠧᠺᠲᠷᠣᠨ ᠴᠠᠬᠢᠯᠭᠠᠨ ᠡᠭᠦᠰᠬᠡᠭᠴᠢ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠲᠦᠷᠦᠯ ᠵᠦᠢᠯ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠳᠠ ᠶᠢᠨ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ | ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ᠂ ᠪᠡᠯᠡ ᠮᠥᠩᠬᠦ ᠶᠢᠨ ᠪᠠᠲᠤᠯᠠᠭ᠎ᠠ᠂ ᠭᠠᠷ ᠭᠦᠢᠴᠡᠳᠬᠡᠯ ᠵᠡᠷᠭᠡ ᠶᠢᠨ | ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠡᠪᠡ᠃ | | | | ᠴᠧᠨ ᠬᠤ᠋ ᠨᠡᠨ ᠠᠴᠠ᠂ ᠡᠨᠡ ᠵᠢᠯ ᠤᠨ 5 ᠰᠠᠷ᠎ᠠ ᠳᠤ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ | ᠶᠠᠪᠤᠳᠠᠯ ᠤᠨ ᠲᠤᠬᠠᠢ ᠵᠥᠪᠲᠠᠯᠴᠡᠭᠰᠡᠨ ᠠᠴᠠ ᠨᠠᠭᠠᠰᠢ ᠪᠠᠰᠠ ᠤᠯᠠᠨ ᠤᠳᠠᠭᠠᠨ ᠤ ᠵᠥᠪᠲᠠᠯᠴᠡᠨ ᠶᠠᠷᠢᠯᠴᠠᠬᠤ ᠪᠠᠷ | ᠳᠡᠮᠵᠢᠨ᠂ ᠣᠲᠣᠬᠠᠨ ᠳᠤ ᠨᠢᠭᠡᠨᠲᠡ ᠪᠣᠳᠠᠲᠠᠢ ᠦᠷ᠎ᠡ ᠪᠦᠲᠦᠭᠡᠯ ᠣᠯᠵᠤ᠂ ᠨᠢᠭᠡᠳᠤᠯᠲᠠᠢ ᠬᠠᠮᠲᠤ ᠶᠢᠨ ᠳᠠᠨᠢᠯᠲᠠ ᠲᠠᠢ | ᠪᠣᠯᠵᠠᠢ᠃ ᠲᠣᠰ ᠤᠳᠠᠭ᠎ᠠ ᠶᠢᠨ ᠬᠤᠷᠠᠯ ᠤᠨ ᠵᠥᠪᠲᠠᠯᠴᠠᠨ ᠲᠤᠭᠳᠠᠭᠰᠠᠨ ᠬᠠᠮᠲᠤᠷᠠᠯᠴᠠᠭᠠᠨ ᠤ ᠨᠡᠷᠢᠨ ᠵᠦᠢᠯᠡᠰ | ᠪᠣᠯᠣᠨ ᠪᠣᠳᠠᠲᠠᠢ ᠬᠡᠷᠡᠭ ᠶᠠᠪᠤᠳᠠᠯ ᠤᠨ ᠲᠠᠯ᠎ᠠ ᠪᠠᠷ ᠡᠯ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠰᠠᠨᠠᠭᠠᠴᠢᠯᠠᠭ᠎ᠠ ᠠᠴᠠ ᠪᠠᠨ ᠠᠵᠢᠯᠯᠡᠵᠤ᠂ ᠪᠣᠳᠠᠲᠠᠢ ᠶᠢ ᠡᠷᠬᠢᠮᠯᠡᠨ ᠠᠬᠢᠭᠤᠯᠵᠤ᠂ ᠲᠦᠷᠦᠯ ᠵᠦᠢᠯ ᠢ | ᠨᠠᠶᠢᠳᠡᠪᠣᠷᠢᠵᠢᠭᠤᠯᠬᠤ ᠳᠤ ᠰᠢᠯᠢᠳᠡᠭ ᠦᠢᠯᠡᠴᠢᠯᠡᠭᠡ ᠬᠠᠩᠭᠠᠵᠤ᠂ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ | ᠬᠢᠵᠦ᠂ ᠠᠷᠦ ᠬᠤᠷᠴᠢᠨ ᠬᠤᠰᠢᠭᠤᠨ ᠤ ᠠᠩᠬᠠᠳ᠋ᠬᠠᠴᠢ ᠳᠡᠭᠡᠳᠦ ᠰᠢᠨ᠎ᠡ ᠡᠯᠧᠺᠲᠷᠤᠨ ᠤ ᠠᠵᠤ ᠠᠬᠤᠶᠢᠯᠠᠯ ᠢ ᠡᠷᠲᠡ | ᠠᠵᠢᠯ ᠡᠬᠢᠯᠡᠭᠦᠯᠵᠦ᠂ ᠡᠷᠲᠡ ᠪᠠᠶᠢᠭᠤᠯᠵᠤ ᠲᠠᠭᠤᠰᠬᠠᠬᠤ ᠶᠢ ᠠᠬᠢᠭᠤᠯᠬᠤ ᠬᠡᠷᠡᠭᠲᠡᠢ ᠭᠡᠵᠡᠢ᠃ | ᠯᠢᠤᠢ ᠺᠠᠢ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠭᠤᠷᠪᠠᠨ ᠰᠠᠷ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠷ | ᠳᠠᠡᠮᠵᠢᠨ᠂ ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠤᠨ ᠤ ᠲᠦᠷᠦᠯ ᠵᠦᠢᠯ ᠤᠨ ᠬᠠᠮᠳᠤᠷᠠᠯᠴᠠᠭᠠᠨ ᠬᠢᠬᠦ | ᠦᠨᠡᠨᠴᠢ ᠰᠡᠳᠬᠢᠯ ᠪᠠ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠬᠦᠢᠴᠡᠳ ᠣᠶᠢᠯᠠᠭᠠᠵᠤ᠂ | ᠺᠣᠮᠫᠠᠨᠢ ᠠᠴᠠ ᠪᠡᠯᠡ ᠣᠷᠣᠭᠤᠯᠤᠯᠳᠠ ᠶᠢᠨ ᠲᠥᠯᠥᠪᠯᠡᠭᠡ᠂ ᠬᠠᠮᠲᠤᠷᠠᠯᠴᠠᠭᠠᠨ ᠤ ᠠᠭᠤᠯᠭ᠎ᠠ᠂ ᠪᠦᠲᠦᠭᠡᠨ | ᠪᠠᠶᠢᠭᠤᠯᠤᠯᠲᠠ ᠶᠢᠨ ᠦᠶᠡᠯᠠᠯ ᠤᠨ ᠬᠤᠭᠤᠴᠠᠭ᠎ᠠ ᠶᠢ ᠤᠯᠠᠮ ᠨᠢᠭᠡ ᠠᠯᠬᠤᠮ ᠨᠠᠷᠢᠯᠢᠡᠡᠵᠢᠭᠤᠯᠵᠤ᠂ ᠬᠠᠮᠤᠭ ᠤᠨ | ᠤᠬᠤᠷ ᠬᠤᠭᠤᠴᠠᠭ᠎ᠠ᠂ ᠬᠠᠮᠤᠭ ᠤᠨ ᠦᠨᠳᠥᠷ ᠦᠷ᠎ᠡ ᠪᠦᠲᠦᠮᠵᠢ ᠪᠠᠷ ᠲᠥᠷᠦᠯ ᠵᠦᠢᠯ ᠤᠨ ᠭᠡᠷ᠎ᠡ ᠲᠣᠭᠳᠠᠨ | ᠨᠡᠶᠢᠳᠡᠪᠦᠷᠢᠵᠢᠵᠦ᠂ ᠦᠢᠯᠡᠳᠪᠦᠷᠢᠯᠡᠯ ᠪᠠ ᠦᠷ᠎ᠡ ᠪᠦᠳᠦᠮᠵᠢ ᠳᠤ ᠬᠦᠷᠭᠡᠬᠦ ᠶᠢ ᠠᠬᠢᠭᠤᠯᠣᠨ᠎ᠠ ᠭᠡᠵᠡᠢ᠃ | ᠬᠤᠰᠢᠭᠤᠨ ᠠᠵᠦ ᠦᠢᠯᠡᠳᠪᠦᠷᠢ ᠮᠡᠳᠡᠭᠡ ᠵᠠᠩᠭᠢᠴᠢᠯᠡᠯᠲᠠ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠡ᠂ ᠬᠤᠳᠠᠯᠳᠤᠭᠠᠨ ᠤ ᠶᠠᠪᠤᠳᠠᠯ ᠪᠠ ᠪᠡᠯᠡ ᠣᠷᠤᠭᠤᠯᠤᠯᠲᠠ ᠶᠢ ᠠᠬᠢᠭᠤᠯᠬᠤ ᠲᠣᠪᠴᠢᠶ᠎ᠠ᠂ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ᠂ ᠪᠦᠲᠦᠭᠡᠨ ᠪᠠᠶᠢᠭᠤᠯᠤᠯᠲᠠ ᠶᠢᠨ ᠪᠠᠩᠭᠢ ᠶᠢᠨ | ᠠᠷᠤ ᠬᠤᠷᠴᠢᠨ ᠬᠤᠰᠢᠭᠤᠨ ᠳᠠᠬᠢ ᠰᠠᠯᠪᠤᠷᠢ ᠪᠠᠩᠭᠢ ᠵᠢᠴᠢ ᠶᠠᠩ ᠸᠧᠢ ᠴᠠᠬᠢᠯᠭᠠᠨ ᠬᠡᠷᠡᠭᠰᠡᠯ ᠤᠨ ᠬᠢᠵᠠᠭᠠᠷᠲᠤ | ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠤᠷᠠᠯ ᠳᠤ ᠣᠷᠣᠯᠴᠠᠵᠠᠢ᠃ ︵ᠯᠠᠢ ᠬᠤᠸᠠᠨ ᠢᠦᠢ︶ |