| | ᠰᠢ ᠶᠢᠨ ᠫᠢᠩ ᠶᠡᠷᠦᠩᠬᠡᠢ ᠱᠦᠵᠢ ᠶᠢᠨ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠲᠤᠬᠠᠢ | ᠴᠢᠬᠤᠯᠠ ᠵᠢᠭᠠᠪᠤᠷᠢ ᠶᠢ ᠬᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶ᠋ᠬᠠᠦ᠋ᠡᠳᠣᠷ ᠰᠤᠮᠤ ᠶᠢᠨ ᠦᠶᠡᠷ ᠢ | ᠰᠡᠷᠬᠡᠶᠢᠯᠡᠬᠦ ᠪᠠᠴᠢᠮ ᠪᠠᠶᠢᠳᠡᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ | ᠮᠠᠯᠴᠢᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠥᠪᠰᠢᠨ ᠢ ᠪᠠᠲᠤᠯᠡᠵᠦ᠂ ᠶᠡᠭᠡ ᠦᠶᠡᠷ ᠢ | ᠰᠡᠷᠭᠡᠶᠢᠯᠡᠬᠦ᠂ ᠶᠡᠭᠡ ᠭᠠᠮᠰᠢᠭ ᠢ ᠡᠰᠡᠷᠭᠦᠴᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠦᠨᠡᠨ ᠬᠦ ᠰᠠᠶᠢᠲᠦᠷ ᠬᠢᠬᠦ ᠶᠢᠨ | ᠲᠥᠯᠥᠭᠡ᠂ 7 ᠰᠠᠷ᠎ᠠ ᠶᠢᠨ 30 ᠤ ᠡᠳᠦᠷ᠂ ᠪᠠᠶ᠋ᠬᠠᠦ᠋ᠡᠳᠣᠷ ᠰᠤᠮᠤ ᠮᠠᠨᠢᠲᠤ ᠭᠠᠴᠠᠭᠠᠨ ᠳᠤ ᠦᠶᠡᠷ ᠢ ᠰᠡᠷᠭᠡᠶᠢᠯᠡᠬᠦ | ᠪᠠᠴᠢᠮ ᠪᠠᠶᠢᠳᠠᠯ ᠢ ᠠᠷᠭᠠᠴᠠᠭᠠᠬᠤ ᠰᠤᠷᠢᠯᠲᠠ ᠪᠣᠯᠪᠠᠰᠤᠷᠠᠯ ᠢ ᠵᠣᠬᠢᠶᠠᠨ ᠪᠠᠶᠢᠭᠤᠯᠤᠨ ᠦᠷᠨᠢᠭᠦᠯᠵᠤ᠂ 50 ᠭᠠᠷᠣᠢ | ᠬᠥᠮᠥᠨ ᠣᠷᠣᠯᠴᠠᠵᠠᠢ᠃ | | | | ᠲᠣᠰ ᠤᠳᠠᠭᠠᠨ ᠤ ᠠᠵᠢᠯᠯᠠᠭ᠎ᠠ ᠨᠢ ᠮᠠᠨᠢᠳᠤ ᠭᠠᠴᠠᠭᠠᠨ ᠳᠤ ᠰᠢᠷᠦᠭᠦᠨ ᠪᠣᠷᠣᠭᠠᠨ ᠣᠷᠣᠵᠤ ᠦᠶᠡᠷ ᠤᠨ | ᠭᠠᠮᠰᠢᠭ ᠡᠭᠦᠰᠣᠭ᠍ᠰᠡᠨ ᠢᠶᠠᠷ ᠲᠥᠰᠥᠭᠡᠯᠡᠨ ᠰᠣᠷᠢᠯᠲᠠ ᠥᠷᠨᠢᠭᠦᠯᠵᠦ᠂ ᠴᠠᠭ ᠠᠭᠤᠷ ᠤᠨ ᠨᠥᠯᠥᠭᠡᠯᠡᠯ ᠠᠴᠠ ᠪᠣᠯᠵᠤ | ᠮᠠᠯᠴᠢᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠥᠪᠰᠢᠨ ᠰᠦᠷᠲᠡᠭᠦᠯᠦᠯ ᠳᠤ ᠤᠴᠡᠷᠡᠨ᠂ | ᠪᠠᠶ᠋ᠬᠠᠦ᠋ᠡᠳᠣᠷ ᠰᠤᠮᠤ ᠭᠠᠮᠰᠢᠭ ᠤᠨ ᠪᠠᠶᠢᠳᠡᠯ ᠤᠨ ᠮᠡᠳᠡᠭᠦᠯᠦᠯᠲᠡ ᠶᠢ ᠣᠯᠤᠭᠰᠠᠨ ᠤ ᠲᠠᠷᠠᠭ᠎ᠠ᠂ ᠦᠶᠡᠷ ᠢ | ᠰᠡᠷᠭᠡᠶᠢᠯᠡᠬᠦ ᠪᠠᠴᠢᠮ ᠪᠠᠶᠢᠳᠡᠯ ᠢ ᠠᠷᠭᠠᠴᠠᠭᠠᠬᠤ ᠲᠥᠰᠦᠯ ᠢ ᠦᠣᠡᠳᠡᠷ ᠲᠦᠷᠭᠡᠨ ᠬᠡᠷᠡᠭᠵᠢᠭᠦᠯᠵᠦ᠂ ᠦᠶᠠᠷ ᠤᠨ | ᠪᠠᠶᠢᠳᠠᠯ ᠢ ᠬᠢᠨᠠᠨ ᠬᠡᠮᠵᠢᠬᠦ ᠲᠤᠭᠤᠶᠢᠯᠠᠩ᠂ ᠮᠡᠷᠭᠡᠵᠢᠯ ᠤᠨ ᠵᠢᠯᠣᠭᠤᠳᠤᠯᠭ᠎ᠠ ᠬᠢᠬᠦ ᠲᠤᠭᠤᠶᠢᠯᠠᠩ᠂ ᠡᠳ᠋ ᠪᠣᠳᠠᠰ | ᠲᠣᠬᠢᠷᠠᠭᠤᠯᠬᠤ ᠲᠤᠭᠤᠶᠢᠯᠠᠩ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠭᠤᠶᠢᠯᠠᠩ᠂ ᠠᠮᠤᠷ ᠲᠥᠪᠰᠢᠨ ᠤ | ᠬᠠᠮᠠᠭᠠᠯᠠᠯᠲᠠ ᠶᠢᠨ ᠲᠤᠭᠤᠶᠢᠯᠠᠩ ᠵᠡᠷᠭᠡ 5 ᠲᠣᠰᠬᠠᠢ ᠲᠤᠭᠤᠶᠢᠯᠠᠩ ᠥᠳᠳᠡᠷ ᠲᠦᠷᠭᠡᠨ ᠬᠦᠳᠡᠯᠣᠯᠴᠡᠵᠣ᠂ ᠰᠤᠮᠤ | ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠮᠠᠯᠴᠢᠳ ᠢ ᠠᠶᠤᠯᠬᠦᠢ ᠭᠠᠵᠡᠷ ᠲᠤ ᠰᠢᠯᠵᠢᠭᠦᠯᠦᠨ᠂ ᠰᠤᠮᠤᠨ ᠤ ᠵᠠᠪᠰᠡᠭᠲᠦ | ᠬᠦᠴᠦᠨ ᠤ ᠬᠡᠯᠳᠡᠰ ᠡᠷᠦᠭᠡ ᠶᠢᠨ ᠴᠡᠷᠢᠭ ᠢ ᠵᠣᠬᠢᠶᠠᠨ ᠪᠠᠶᠢᠭᠤᠯᠤᠨ ᠠᠶᠤᠯ ᠠᠴᠠ ᠪᠠᠴᠢᠮ ᠵᠠᠶᠢᠯᠠᠬᠤ ᠭᠠᠵᠡᠷ ᠲᠤ | ᠮᠠᠶᠢᠬᠠᠨ ᠪᠣᠰᠬᠠᠪᠠ᠃ ᠰᠤᠷᠢᠯᠲᠠ ᠳᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡ ᠶᠢᠨ ᠠᠵᠢᠯ | ᠤᠨ ᠬᠤᠪᠢᠶᠠᠷᠢᠯᠠᠯ ᠲᠤᠳᠣᠷᠬᠠᠢ ᠮᠥᠷᠲᠡᠭᠡᠨ ᠨᠢᠡᠡᠳᠡ ᠬᠠᠮᠵᠢᠯᠴᠠᠨ ᠬᠠᠮᠲᠤᠷᠠᠨ ᠠᠵᠢᠯᠯᠠᠵᠤ᠂ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠢᠯᠭᠤᠮ ᠤᠷᠣᠭᠰᠢᠲᠠᠢ ᠶᠠᠪᠤᠭᠳᠠᠵᠤ᠂ ᠠᠶᠤᠯ ᠲᠦᠭᠰᠢᠭᠦᠷᠢ ᠶᠢ ᠴᠠᠭ ᠲᠤᠬᠠᠢ ᠳᠤᠨᠢ | ᠠᠷᠢᠯᠭᠠᠵᠤ᠂ ᠡᠯ᠎ᠡ ᠵᠦᠢᠯ ᠤᠨ ᠰᠤᠷᠢᠯᠲᠡ ᠡᠭᠦᠷᠭᠡ ᠶᠢ ᠲᠡᠭᠦᠰ ᠠᠮᠵᠢᠯᠲᠡ ᠲᠠᠢ ᠪᠡᠶᠡᠯᠡᠭᠦᠯᠵᠡᠢ᠃ | | | | ᠲᠣᠰ ᠤᠳᠠᠭᠠᠨ ᠤ ᠰᠤᠷᠢᠯᠲᠠ ᠪᠠᠷ ᠳᠠᠮᠵᠢᠨ᠂ ᠪᠠᠶ᠋ᠬᠠᠦ᠋ᠡᠳᠣᠷ ᠰᠤᠮᠤ ᠶᠢᠨ ᠦᠶᠡᠷ ᠢ ᠰᠡᠷᠬᠡᠶᠢᠯᠡᠬᠦ ᠪᠠᠴᠢᠮ | ᠪᠠᠶᠢᠳᠠᠯ ᠢ ᠠᠷᠠᠭᠠᠴᠠᠭᠠᠬᠤ ᠪᠡᠯᠡᠳᠬᠡᠯ ᠲᠦᠰᠦᠯ ᠤᠨ ᠪᠣᠳᠠᠲᠤ ᠬᠡᠷᠡᠭᠯᠡᠭᠡᠨ ᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ | ᠴᠢᠨᠠᠷ ᠢ ᠢᠯᠡᠷᠡᠭᠦᠯᠵᠦ᠂ ᠰᠤᠮᠤ ᠭᠠᠴᠠᠭ᠎ᠠ ᠬᠤᠶᠠᠷ ᠱᠠᠳᠤᠨ ᠤ ᠪᠠᠴᠢᠮ ᠪᠠᠶᠢᠳᠠᠯ ᠢ ᠠᠷᠭᠠᠴᠠᠭᠠᠵᠣ ᠠᠶᠤᠯ ᠠᠴᠠ | ᠠᠪᠤᠷᠠᠬᠤ ᠡᠩᠨᠡᠭᠡ ᠶᠢᠨ ᠬᠠᠷᠢᠭᠤ ᠲᠣᠰᠬᠠᠬᠤ ᠴᠢᠳᠠᠪᠤᠷᠢ ᠪᠠ ᠬᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠡᠪᠤᠷᠢ᠂ | ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠪᠠᠲᠤᠯᠠᠭ᠎ᠠ ᠶᠢᠨ ᠴᠢᠳᠠᠪᠤᠷᠢ ᠵᠢᠴᠢ | ᠦᠶᠡᠷ ᠢ ᠰᠡᠷᠭᠡᠶᠢᠯᠡᠬᠦ ᠵᠢᠯᠣᠭᠤᠣᠡᠬᠤ ᠭᠠᠵᠡᠷ ᠤᠨ ᠰᠢᠢᠳᠪᠤᠷᠢᠲᠦ ᠪᠣᠳᠣᠯᠭ᠎ᠠ ᠶᠢᠨ ᠵᠢᠯᠣᠭᠤᠣᠡᠬᠤ ᠴᠢᠳᠠᠪᠤᠷᠢ ᠶᠢ | ᠰᠢᠯᠭᠠᠨ ᠪᠠᠶᠢᠴᠠᠭᠠᠬᠤ ᠶᠢᠨ ᠵᠡᠷᠭᠡᠪᠡᠷ ᠦᠶᠠᠷ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡᠨ ᠤ | ᠬᠠᠮᠵᠢᠯᠴᠠᠨ ᠪᠠᠶᠢᠯᠳᠤᠬᠤ ᠴᠢᠳᠠᠪᠤᠷᠢ ᠶᠢ ᠤᠯᠠᠮ ᠨᠢᠭᠡ ᠠᠯᠠᠬᠤᠮ ᠲᠡᠭᠡᠭᠰᠢᠯᠡᠭᠦᠯᠵᠦ᠂ ᠦᠶᠡᠷ ᠢ ᠰᠡᠷᠭᠡᠶᠢᠯᠡᠨ | ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠨᠡᠯᠢᠶᠡᠳ ᠰᠠᠶᠢᠨ ᠲᠣᠷᠰᠢᠯᠭ᠎ᠠ ᠬᠤᠷᠠᠮᠳᠤᠭᠤᠯᠤᠭᠰᠠᠨ ᠶᠤᠮ᠃ | ᠳᠠᠷᠠᠭᠠᠴᠢ ᠶᠢᠨ ᠠᠯᠬᠤᠮ ᠳᠤ᠂ ᠪᠠᠶ᠋ᠬᠠᠦ᠋ᠡᠳᠣᠷ ᠰᠤᠮᠤ ᠲᠣᠰ ᠤᠳᠠᠭᠠᠨ ᠤ ᠰᠤᠷᠢᠯᠲᠠ ᠪᠠᠷ ᠲᠤᠬᠢᠶᠠᠯ ᠪᠣᠯᠭᠠᠵᠤ᠂ | ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ︽ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠪᠠᠷᠢᠮᠳᠠᠯᠠᠨ᠂ ᠦᠶᠡᠷ ᠢ ᠰᠡᠷᠭᠡᠶᠢᠯᠡᠬᠦ ᠠᠵᠢᠯ ᠤᠨ ᠡᠯ᠎ᠡ ᠵᠦᠢᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠡᠶᠢᠳᠠᠪᠤᠷᠢᠵᠢᠭᠤᠯᠵᠤ᠂ ᠣᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠬᠢ ᠨᠠᠶᠢᠲᠡᠯᠡᠬᠦ᠂ ᠭᠠᠢ ᠭᠠᠮᠰᠢᠭ ᠲᠡᠯᠳᠠ ᠬᠡᠮ ᠰᠤᠭᠤᠭ ᠢ ᠲᠤᠭᠤᠷᠢᠨ ᠪᠠᠶᠢᠴᠠᠭᠠᠬᠤ᠂ ᠵᠢᠵᠢᠭᠦᠷᠯᠡᠨ ᠰᠠᠬᠢᠬᠤ | ᠵᠡᠷᠭᠡ ᠠᠵᠢᠯ ᠢ ᠰᠠᠶᠢᠳᠦᠷ ᠬᠢᠬᠦ ᠶᠢ ᠪᠠᠷᠢᠮᠲᠠᠯᠠᠨ᠂ ᠴᠠᠭ ᠢᠮᠬᠠᠳᠡ ᠰᠡᠳᠬᠢᠯ ᠲᠠᠯᠪᠢᠬᠤ ᠬᠠᠷᠢᠭᠤᠴᠠᠯᠭᠠᠳᠤ | ᠰᠡᠣᠡᠬᠢᠯᠭᠡ ᠪᠠᠷ ᠦᠶᠡᠷ ᠢ ᠰᠡᠷᠭᠡᠶᠢᠯᠡᠬᠦ ᠡᠯ᠎ᠡ ᠲᠠᠯ᠎ᠠ ᠶᠢᠨ ᠠᠵᠢᠯ ᠢ ᠪᠣᠳᠠᠲᠠᠢ ᠪᠥᠭᠡᠳ ᠨᠠᠷᠢᠯᠢᠭ ᠠᠣᠡᠬᠤᠵᠤ᠂ | ᠮᠠᠯᠴᠢᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠥᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ | ᠪᠣᠯᠣᠨ᠎ᠠ᠃ | | | | | | |