ᠴᠢᠪᠠᠭ᠎ᠠ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ 2024 ᠣᠨ ᠤ ᠨᠠᠮᠤᠷ ᠤᠨ ᠣᠯᠠᠷᠢᠯ ᠤᠨ ᠰᠢᠨ᠎ᠡ ᠰᠤᠷᠤᠭᠴᠢ ᠡᠯᠰᠡᠬᠦ ᠲᠤᠬᠠᠢ ᠶᠢᠨ ᠲᠠᠯᠠᠪᠤᠷ ᠤᠨ ᠰᠢᠪᠠᠭ᠎ᠠ ᠰᠤᠭᠤᠯᠬᠤ ᠠᠵᠢᠯ ᠣᠷᠣᠡᠡᠰᠢᠳᠡᠢ ᠶᠠᠪᠤᠡᠡᠳᠠᠨ ᠳᠠᠭᠤᠰᠪᠠ
ᠨᠡᠶᠢᠲᠡᠯᠡᠭᠰᠡᠨ ᠴᠠᠭ᠄
2024/8/22
       ᠮᠠᠨ ᠤ ᠬᠤᠰᠢᠭᠤᠨ ᠤ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ  ᠶᠢᠨ ᠰᠤᠷᠤᠭᠴᠢ ᠡᠯᠰᠡᠬᠦ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠠᠨ᠂ 8 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠴᠢᠪᠠᠭ᠎ᠠ ᠳᠥᠷᠪᠠᠳᠦᠭᠡᠷ ᠳᠤᠮᠳᠠᠳᠤ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠠᠩᠬ᠎ᠠ ᠳᠤᠮᠳᠠᠳᠤ ᠶᠢᠨ ᠨᠢᠭᠡᠳᠦᠭᠡᠷ ᠣᠨ ᠤ ᠰᠢᠨ᠎ᠡ ᠰᠤᠷᠤᠭᠴᠢ ᠡᠯᠰᠡᠬᠦ ᠲᠤᠬᠠᠢ ᠶᠢᠨ ᠲᠠᠯᠠᠪᠤᠷ ᠤᠨ ᠬᠤᠷᠠᠯ ᠴᠢᠪᠠᠭ᠎ᠠ ᠳᠥᠷᠪᠠᠳᠦᠭᠡᠷ ᠳᠤᠮᠳᠠᠳᠤ ᠰᠤᠷᠭᠠᠭᠤᠯᠢ ᠳᠤ ᠶᠠᠪᠤᠭᠲᠠᠪᠠ᠃
       ᠰᠢᠪᠠᠭ᠎ᠠ ᠰᠤᠭᠤᠯᠬᠤ ᠲᠤᠬᠠᠢ ᠶᠢᠨ ᠲᠠᠯᠠᠪᠠᠢ ᠳᠤ᠂ ᠬᠥᠲᠥᠯᠦᠭᠴᠢ ᠠᠴᠠ ᠴᠢᠪᠠᠭ᠎ᠠ ᠳᠥᠷᠪᠡᠳᠦᠭᠡᠷ ᠳᠤᠮᠳᠠᠲᠤ ᠰᠤᠷᠭᠠᠭᠤᠯᠢ ᠶᠢᠨ ᠰᠤᠷᠤᠭᠴᠢ ᠡᠯᠰᠡᠯᠲᠡ ᠳᠤ ᠨᠡᠷ᠎ᠡ ᠮᠡᠳᠡᠭᠦᠯᠦᠭᠰᠡᠨ ᠪᠠᠶᠢᠳᠠᠯ᠂ ᠲᠤᠬᠠᠢ ᠶᠢᠨ ᠲᠠᠯᠠᠪᠠᠢ  ᠶᠢᠨ ᠰᠢᠪᠠᠭ᠎ᠠ ᠰᠤᠭᠤᠯᠬᠤ ᠳᠦᠷᠢᠮ ᠪᠠ ᠶᠠᠪᠤᠴᠠ ᠵᠡᠷᠭᠡ ᠶᠢ ᠲᠠᠨᠢᠯᠴᠠᠭᠤᠯᠵᠤ᠂ ᠭᠡᠷ ᠤᠨ ᠠᠬᠠᠮᠡᠳ ᠤᠨ ᠲᠥᠯᠥᠭᠡᠯᠡᠭᠴᠢ ᠲᠤᠬᠠᠢ ᠶᠢᠨ ᠲᠠᠯᠠᠪᠤᠷ ᠲᠤ ᠡᠬᠢᠯᠡᠭᠦᠯᠬᠦ ᠳᠠᠷᠤᠪᠴᠢ ᠶᠢ ᠳᠠᠷᠤᠨ ᠤᠷᠢᠳ ᠢᠶᠠᠷ ᠰᠢᠪᠠᠭ᠎ᠠ  ᠰᠣᠭᠤᠯᠬᠤ ᠳᠠᠷᠠᠭᠠᠯᠠᠯ ᠢ ᠰᠤᠭᠤᠯᠤᠨ ᠠᠪᠴᠤ᠂ ᠠᠵᠢᠯᠲᠠᠨ ᠤ ᠳᠡᠨᠳᠡ ᠬᠦᠷᠴᠦ ᠳᠠᠷᠠᠭᠠᠯᠠᠯ ᠤᠨ ᠳ᠋ᠤᠭᠠᠷ ᠢ ᠲᠡᠮᠳᠡᠭᠯᠡᠭᠦᠯᠪᠡ᠃ ᠳᠠᠷᠠᠭ᠎ᠠ ᠨᠢ ᠳᠠᠬᠢᠭᠠᠳ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠲᠥᠯᠥᠭᠡᠯᠡᠭᠴᠢ ᠪᠠ ᠳᠣᠲᠣᠭᠠᠳᠤ ᠶᠢ ᠬᠠᠮᠠᠭᠠᠯᠠᠬᠤ  ᠺᠠᠳ᠋ᠷ ᠴᠠᠭᠳᠠᠭ᠎ᠠ ᠶᠢᠨ ᠲᠥᠯᠥᠭᠡᠯᠡᠭᠴᠢ ᠶᠢ ᠣᠷᠢᠵᠤ ᠲᠤᠬᠠᠢ  ᠶᠢᠨ ᠲᠠᠯᠠᠪᠣᠷ ᠲᠤ ᠡᠬᠢᠯᠡᠭᠦᠯᠬᠦ ᠳᠠᠷᠤᠪᠴᠢ ᠶᠢ ᠳᠠᠷᠤᠵᠤ᠂ ᠰᠤᠷᠤᠯᠭ᠎ᠠ ᠶᠢᠨ ᠨᠤᠮᠧᠷ ᠢ ᠠᠪᠬᠤ ᠶᠢᠨ ᠬᠠᠮᠲᠤ ᠲᠤᠬᠠᠢ  ᠶᠢᠨ ᠲᠠᠯᠠᠪᠤᠷ ᠲᠤ ᠢᠯᠡ ᠪᠠᠷ ᠳᠡᠯᠭᠡᠨ ᠦᠵᠡᠭᠦᠯᠵᠦ᠂ ᠰᠡᠵᠢᠯᠠᠭᠤᠯᠵᠦ ᠭᠠᠷᠠᠭᠠᠭᠰᠠᠨ ᠰᠢᠪᠠᠭ᠎ᠠ ᠲᠠᠢ ᠬᠠᠷᠭᠠᠯᠵᠬᠠᠰᠡᠨ ᠰᠤᠷᠤᠭᠴᠢ ᠳᠤ ᠴᠢᠪᠠᠭ᠎ᠠ ᠳᠥᠷᠪᠠᠳᠦᠭᠡᠷ ᠳᠤᠮᠳᠠᠳᠤ ᠰᠤᠷᠭᠠᠭᠤᠯᠢ ᠳᠤ ᠰᠤᠷᠤᠯᠴᠠᠬᠤ ᠬᠢᠷᠢ ᠬᠡᠮ ᠣᠯᠭᠤᠪᠠ᠃ ᠬᠠᠮᠤᠭ ᠰᠡᠭᠦᠯ ᠤᠨ ᠦᠷ᠎ᠡ ᠳ᠋ᠦᠩ ᠢ ᠭᠡᠷ ᠤᠨ ᠠᠬᠠᠮᠠᠳ ᠬᠠᠷᠭᠤᠭᠤᠯᠤᠨ ᠨᠣᠳᠠᠯᠬᠠᠰᠡᠨ ᠤ ᠲᠠᠷᠠᠭ᠎ᠠ᠂ ᠬᠤᠰᠢᠭᠤᠨ ᠠᠯᠪᠠᠨ ᠬᠡᠷᠡᠴᠢᠯᠡᠭᠡᠨ ᠤ ᠭᠠᠵᠡᠷ᠂ ᠬᠤᠰᠢᠭᠤᠨ ᠰᠤᠷᠭᠠᠨ ᠬᠥᠮᠥᠵᠢᠯ ᠤᠨ ᠲᠤᠪᠴᠢᠶ᠎ᠡ ᠪᠣᠯᠣᠨ ᠴᠢᠪᠠᠭ᠎ᠠ ᠲᠥᠷᠪᠠᠳᠦᠭᠡᠷ ᠳᠤᠮᠳᠠᠳᠤ ᠰᠤᠷᠭᠠᠭᠤᠯᠢ ᠠᠴᠠ ᠲᠤᠰ ᠲᠣᠰ ᠭᠠᠷ ᠤᠨ ᠦᠰᠦᠭ ᠵᠢᠷᠤᠵᠤ᠂ ᠨᠤᠲᠠᠯᠠᠵᠤ᠂ ᠪᠦᠷᠢᠳᠬᠡᠨ ᠲᠠᠩᠰᠠᠯᠠᠵᠤ ᠲᠠᠩᠰᠡ ᠡᠪᠬᠡᠮᠡᠯ ᠳᠤ ᠣᠷᠣᠭᠤᠯᠪᠠ᠃
       ᠰᠢᠪᠠᠭ᠎ᠠ ᠰᠤᠭᠤᠯᠬᠤ ᠠᠵᠢᠯ ᠤᠨ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠷ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠠᠵᠢᠯ ᠤᠨ ᠪᠥᠬᠦ ᠶᠠᠪᠤᠴᠠ ᠶᠢ ᠠᠷᠦ ᠬᠤᠷᠴᠢᠨ ᠬᠤᠰᠢᠭᠤᠨ ᠤ ᠠᠯᠪᠠᠨ ᠭᠡᠷᠡᠴᠢᠯᠡᠭᠡ  ᠶᠢᠨ ᠭᠠᠵᠡᠷ ᠤᠨ ᠠᠯᠪᠠᠨ ᠭᠡᠷᠡᠴᠢᠯᠡᠭᠴᠢ ᠶᠢᠨ ᠬᠢᠨᠡᠯᠲᠠ ᠳᠣᠣᠷ᠎ᠠ ᠶᠠᠪᠤᠡᠡᠳᠠᠭᠤᠯᠬᠤ ᠶᠢᠨ ᠬᠠᠮᠲᠤ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠰᠢᠭᠤᠨ ᠣᠯᠤᠰ ᠲᠥᠷᠥ ᠶᠢᠨ ᠵᠦᠪᠯᠡᠯᠭᠡᠨ ᠤ ᠭᠡᠰᠢᠭᠦᠨ ᠤ ᠲᠥᠯᠥᠭᠡᠯᠡᠭᠴᠢ᠂ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠥᠯᠥᠭᠡᠯᠡᠭᠴᠢ ᠶᠢ ᠣᠷᠢᠵᠤ ᠲᠤᠬᠠᠢ ᠶᠢᠨ ᠲᠠᠯᠠᠪᠤᠷ ᠲᠤ ᠬᠢᠨᠡᠯᠲᠠ ᠲᠠᠯᠪᠢᠭᠤᠯᠵᠤ᠂ ᠲᠤᠬᠠᠢ ᠶᠢᠨ ᠲᠠᠯᠠᠪᠤᠷ ᠲᠤ ᠰᠢᠪᠠᠭ᠎ᠠ ᠰᠣᠭᠤᠯᠬᠤ ᠠᠵᠢᠯ ᠳᠤ ᠣᠷᠣᠯᠴᠠᠭᠰᠠᠨ ᠭᠡᠷ ᠤᠨ ᠠᠬᠠᠮᠠᠳ ᠪᠥᠬᠦ ᠶᠠᠪᠤᠴᠠ ᠳᠤ ᠣᠷᠣᠯᠴᠠᠭᠰᠠᠨ ᠪᠠᠶᠢᠨ᠎ᠠ᠃
       ᠴᠢᠪᠠᠭ᠎ᠠ ᠳᠥᠷᠪᠠᠳᠦᠭᠡᠷ ᠳᠤᠮᠳᠠᠳᠤ ᠰᠤᠷᠭᠠᠭᠤᠯᠢ ᠶᠢᠨ 2024 ᠣᠨ ᠤ ᠨᠠᠮᠤᠷ ᠤᠨ ᠤᠯᠠᠷᠢᠯ ᠤᠨ ᠰᠢᠨ᠎ᠡ ᠰᠤᠷᠤᠭᠴᠢ ᠡᠯᠰᠡᠬᠦ ᠠᠵᠢᠯ ᠨᠢ ᠢᠯᠡ ᠲᠣᠳᠣ᠂ ᠡᠷᠬᠡ ᠲᠡᠭᠰᠢ ᠲᠥᠪ ᠭᠤᠣᠯᠴᠢ᠂ ᠳᠣᠭᠳᠠᠭᠤᠨ ᠡᠮᠬᠢ ᠵᠢᠷᠤᠮ ᠲᠠᠢ ᠠᠭᠤᠷ ᠠᠮᠢᠰᠬᠤᠯ ᠤᠨ ᠳᠤᠮᠳᠠ ᠤᠷᠣᠭᠰᠢᠲᠠᠢ ᠪᠡᠶᠡᠯᠡᠭᠳᠡᠪᠡ᠃ ᠰᠢᠪᠠᠭ᠎ᠠ ᠰᠤᠭᠤᠯᠬᠤ ᠠᠵᠢᠯ ᠤᠨ ᠪᠥᠬᠦ ᠶᠠᠪᠤᠴᠠ ᠳᠤ ᠰᠢᠩᠭᠡᠭᠡᠯᠲᠡ ᠬᠢᠵᠦ᠂ ᠠᠯᠬᠤᠮ ᠳᠠᠷᠠᠭᠠᠯᠠᠯ ᠨᠢ ᠵᠢᠷᠤᠮᠵᠢᠯ ᠲᠠᠢ ᠶᠠᠪᠤᠭᠲᠠᠨ᠂ ᠠᠯᠪᠠᠨ ᠬᠡᠷᠡᠴᠢᠯᠡᠭᠡᠨ ᠤ ᠭᠠᠵᠡᠷ ᠪᠥᠬᠦ ᠶᠠᠪᠤᠴᠠ ᠳᠤ ᠠᠯᠪᠠᠨ ᠭᠡᠷᠡᠴᠢᠯᠡᠭᠡ ᠬᠢᠵᠦ᠂ ᠬᠤᠷᠠᠯ ᠳᠤ ᠣᠷᠣᠯᠴᠠᠭᠰᠠᠳ ᠪᠥᠬᠦ ᠶᠠᠪᠤᠴᠡ ᠳᠤ ᠬᠢᠨᠡᠯᠲᠠ ᠲᠠᠯᠪᠢᠵᠤ᠂ ᠰᠢᠪᠠᠭ᠎ᠠ ᠰᠤᠭᠤᠯᠤᠭᠰᠠᠨ ᠦᠷ᠎ᠡ ᠳ᠋ᠦᠩ ᠨᠢ ᠦᠨᠡᠨ ᠪᠣᠳᠠᠲᠠᠢ ᠪᠥᠭᠡᠳ ᠬᠦᠴᠦᠨ ᠲᠠᠢ ᠪᠣᠯᠣᠨ᠎ᠡ᠃ ᠰᠢᠪᠠᠭ᠎ᠠ ᠰᠣᠭᠤᠯᠬᠤ ᠪᠠᠷ ᠳᠡᠮᠵᠢᠨ ᠲᠥᠯᠥᠪᠯᠡᠭᠡᠨ ᠳᠠᠬᠢ ᠰᠤᠷᠤᠭᠴᠢ ᠡᠯᠰᠡᠬᠦ ᠲᠤᠭ᠎ᠠ ᠪᠠᠨ ᠣᠷᠣᠭᠰᠢᠲᠠᠢ ᠪᠡᠶᠡᠯᠡᠭᠦᠯᠵᠦ᠂ ᠰᠢᠪᠠᠭ᠎ᠠ ᠰᠤᠭᠤᠯᠤᠯᠲᠠ ᠶᠢᠨ ᠦᠷ᠎ᠡ ᠳ᠋ᠦᠩ ᠢ ᠰᠤᠷᠭᠠᠭᠤᠯᠢ ᠶᠢᠨ ᠭᠤᠣᠯ ᠡᠭᠦᠳᠡ ᠪᠠ ᠰᠤᠷᠭᠠᠭᠤᠯᠢ ᠶᠢᠨ ᠲᠣᠲᠣᠷᠠᠬᠢ ᠢᠯᠡ ᠪᠠᠶᠢᠷᠢᠨ ᠳᠤ ᠵᠠᠷᠯᠠᠨ ᠨᠡᠶᠢᠲᠡᠯᠡᠭᠰᠡᠨ ᠪᠠᠶᠢᠨ᠎ᠠ᠃ ︵ᠯᠢᠦ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号