ᠠᠷᠠᠳ ᠤᠨ ᠳᠦᠯᠦᠭᠡᠯᠡᠭᠴᠢ ᠶᠢᠨ ᠵᠢᠪᠬᠤᠭ᠎ᠠ ᠶᠢ ᠪᠠᠳᠠᠷᠠᠭᠠᠵᠤ᠂  ᠠᠷᠤ ᠬᠤᠷᠴᠢᠨ ᠤ ᠰᠤᠳᠤᠨ ᠡᠮᠡᠭᠳᠠᠶᠢᠴᠤᠳ ᠭᠠᠪᠰᠢᠭᠠᠶᠢᠯᠠᠨᠠᠮ
ᠨᠡᠶᠢᠲᠡᠯᠡᠭᠰᠡᠨ ᠴᠠᠭ᠄
2024/8/23
       ᠰᠤᠳᠤᠨ ᠡᠮᠡᠭᠳᠠᠶᠢᠴᠤᠳ ᠠᠷᠠᠳ ᠳᠦᠮᠡᠨ ᠳᠤ ᠪᠠᠨ ᠦᠢᠯᠡᠴᠢᠯᠡᠵᠦ᠂ ᠰᠢᠨ᠎ᠡ ᠴᠠᠭ ᠦᠶ᠎ᠡ ᠳᠤ ᠰᠢᠨ᠎ᠡ ᠬᠤᠪᠢ ᠨᠡᠮᠡᠷᠢ ᠴᠤᠭᠴᠠᠯᠠᠨᠠᠮ᠃ ᠳᠡᠳᠡ᠂ ᠳᠤᠬᠠᠶᠢᠯᠠᠭᠰᠠᠨ ᠠᠵᠢᠯ ᠠᠴᠠ ᠪᠠᠨ ᠡᠬᠦᠰᠴᠦ ᠰᠢᠨ᠎ᠡ ᠬᠦᠭᠵᠢᠯᠳᠡ ᠶᠢ ᠡᠬᠦᠳᠦᠨ᠂ ᠤᠭ ᠰᠠᠨᠠᠭ᠎ᠠ ᠪᠠᠨ ᠪᠠᠳᠤ ᠰᠠᠬᠢᠵᠤ ᠨᠡᠶᠢᠬᠡᠮ ᠳᠤ ᠠᠴᠢ ᠬᠠᠷᠢᠭᠤᠯᠤᠨ᠂ ᠰᠢᠨ᠎ᠡ ᠴᠠᠭ ᠦᠶ᠎ᠡ ᠶᠢᠨ ᠡᠮᠡᠭᠳᠠᠢ ᠠᠷᠠᠳ ᠤᠨ ᠳᠦᠯᠦᠭᠡᠯᠡᠭᠴᠢᠳ ᠤᠨ ᠡᠬᠦᠷᠬᠡᠯᠡᠯ ᠪᠠ ᠵᠢᠳᠬᠦᠯ ᠢᠶᠠᠨ ᠢᠯᠡᠷᠡᠬᠦᠯᠵᠦ ᠶᠠᠪᠤᠨ᠎ᠠ᠃ ᠳᠡᠳᠡ᠂ ᠤᠯᠠᠨ ᠳᠦᠮᠡᠨ ᠤ ᠬᠦᠰᠡᠯ ᠱᠠᠭᠠᠷᠳᠠᠯᠭ᠎ᠠ ᠶᠢ ᠢᠳᠡᠪᠬᠢᠳᠠᠢ ᠳᠤᠰᠬᠠᠵᠤ᠂ ᠳᠦᠯᠦᠭᠡᠯᠡᠭᠴᠢᠳ ᠤᠨ ᠳᠤᠰᠢᠶᠠᠯ ᠬᠠᠷᠢᠭᠤᠴᠠᠯᠭ᠎ᠠ ᠳᠤ ᠪᠠᠨ ᠦᠨᠡᠨᠴᠢ ᠰᠢᠳᠤᠷᠭᠤ ᠪᠠᠷ ᠬᠠᠨᠳᠤᠵᠤ᠂ ᠤᠷᠤᠨ ᠨᠤᠳᠤᠭ ᠤᠨ ᠠᠵᠤ ᠠᠬᠤᠢ ᠨᠡᠶᠢᠬᠡᠮ ᠤᠨ ᠬᠦᠭᠵᠢᠯᠳᠡ ᠳᠤ ᠠᠷᠭ᠎ᠠ ᠪᠤᠳᠤᠯᠭ᠎ᠠ ᠪᠠᠨ ᠡᠷᠬᠦᠵᠦ ᠶᠠᠪᠤᠨ᠎ᠠ᠃        ᠶᠠᠩ ᠳ᠋ᠥᠩ ᠮᠸᠢ᠂ ᠰᠠᠶᠢᠨ ᠳᠤᠷ᠎ᠠ ᠶᠢᠨ ᠦᠢᠯᠡᠴᠢᠯᠡᠭᠡ ᠪᠠᠷ ᠠᠤᠭ᠎ᠠ ᠬᠠᠶᠢᠷ᠎ᠠ ᠶᠢ ᠨᠢᠭᠳᠠᠷᠠᠭᠤᠯᠵᠤ᠂ ᠳᠤᠰᠢᠶᠠᠯ ᠬᠠᠷᠢᠭᠤᠴᠠᠯᠭ᠎ᠠ ᠪᠠᠨ  ᠬᠦᠢᠴᠡᠳᠬᠡᠨ᠂ ᠵᠢᠳᠬᠦᠯ ᠴᠢᠷᠮᠠᠶᠢᠯᠭ᠎ᠠ ᠪᠠᠨ ᠡᠷᠭᠦᠨᠡᠮᠠᠷᠦ ᠬᠤᠷᠴᠢᠨ ᠬᠤᠰᠢᠭᠤᠨ ᠤ ᠰᠠᠶᠢᠨ ᠲᠤᠷᠠᠴᠤᠳ ᠤᠨ ᠡᠩᠨᠡᠬᠡᠨ ᠳᠤ᠂ ᠶᠠᠩ ᠳ᠋ᠥᠩ ᠮᠸᠢ ᠶᠢᠨ ᠨᠡᠷ᠎ᠡ ᠶᠢ ᠳᠤᠷᠠᠳᠤᠮᠠᠭᠴᠠ ᠴᠦᠮ ᠡᠷᠡᠬᠡᠢ ᠭᠠᠷᠭᠠᠨ ᠮᠠᠭᠳᠠᠵᠠᠭᠠᠨ᠎ᠠ᠃ 2013 ᠤᠨ ᠳᠤ᠂ ᠶᠠᠩ ᠳ᠋ᠥᠩ ᠮᠸᠢ ᠠᠷᠦ ᠬᠤᠷᠴᠢᠨ ᠬᠤᠰᠢᠭᠤᠨ ᠤ ᠬᠠᠶᠢᠷ᠎ᠠ ᠬᠠᠯᠠᠮᠵᠢ ᠶᠢᠨ ᠬᠦᠷᠢᠶᠡᠯᠡᠩ ᠤᠨ ᠰᠠᠶᠢᠨ ᠳᠤᠷᠠᠳᠠᠳ ᠤᠨ ᠨᠡᠶᠢᠬᠡᠮᠯᠢᠭ ᠢ ᠡᠷᠬᠢᠯᠡᠨ ᠪᠠᠶᠢᠭᠤᠯᠪᠠ᠂ ᠤᠯᠠᠨ ᠵᠢᠯ ᠤᠨ ᠳᠤᠷᠰᠢ᠂ ᠨᠡᠶᠢᠬᠡᠮᠯᠢᠭ ᠨᠢ ︽ᠬᠠᠶᠢᠷ᠎ᠠ ᠬᠠᠯᠠᠮᠵᠢ ᠪᠠᠨ ᠬᠠᠨᠳᠢᠪᠯᠠᠨ ᠨᠡᠮᠡᠷᠢᠯᠡᠬᠦ᠂ ᠶᠠᠳᠠᠭᠤ ᠶᠢ ᠳᠡᠳᠬᠦᠨ ᠬᠦᠴᠢᠷᠳᠠᠯᠳᠠᠢ ᠶᠢ ᠳᠡᠮᠵᠢᠬᠦ᠂ ᠨᠠᠰᠤᠳᠠᠨ ᠢ ᠬᠦᠨᠳᠦᠯᠡᠨ ᠬᠡᠥᠬᠡᠳ ᠢ ᠬᠠᠶᠢᠷᠠᠯᠠᠬᠤ︾ ᠦᠢᠯᠡᠴᠢᠯᠡᠬᠡᠨ ᠤ ᠵᠤᠷᠢᠯᠳᠠ ᠶᠢ ᠪᠠᠷᠢᠵᠤ᠂ ︽ᠰᠠᠶᠢᠨ ᠳᠤᠷ᠎ᠠ ᠶᠢᠨ᠂ ᠬᠤᠪᠢ ᠨᠡᠮᠡᠷᠢ ᠦᠵᠡᠬᠦᠯᠬᠦ᠂ ᠡᠵᠡᠩᠨᠡᠯᠳᠡ ᠶᠢᠨ ᠪᠤᠰᠤ︾ ᠨᠡᠶᠢᠳᠡ ᠶᠢᠨ ᠠᠰᠠᠷᠠᠮᠵᠢ ᠶᠢᠨ ᠵᠠᠷᠴᠢᠮ ᠢ ᠪᠠᠷᠢᠮᠳᠠᠯᠠᠵᠤ᠂ ᠰᠠᠶᠢᠨ ᠲᠤᠷᠠᠴᠤᠳ ᠢ ᠳᠠᠭᠠᠭᠤᠯᠤᠨ ᠤᠭ ᠰᠠᠨᠠᠭ᠎ᠠ ᠳᠤ ᠪᠠᠨ ᠤᠰᠤᠯᠳᠤᠯ ᠦᠬᠡᠢ᠂ ᠦᠬᠡ ᠳᠠᠭᠤᠨ ᠦᠬᠡᠢ ᠬᠤᠪᠢ ᠨᠡᠮᠡᠷᠢ ᠪᠠᠨ ᠬᠠᠨᠳᠢᠪᠯᠠᠵᠤ ᠢᠷᠡᠵᠡᠢ᠃ ᠦᠨᠦᠳᠦᠷ ᠤᠨ ᠠᠷᠦ ᠬᠤᠷᠴᠢᠨ ᠬᠤᠰᠢᠭᠤᠨ ᠤ ᠬᠠᠶᠢᠷ᠎ᠠ, ᠬᠠᠯᠠᠮᠵᠢ ᠶᠢᠨ ᠬᠦᠷᠢᠶᠡᠯᠡᠩ ᠤᠨ ᠰᠠᠶᠢᠨ ᠲᠤᠷᠠᠴᠤᠳ ᠤᠨ ᠨᠡᠶᠢᠬᠡᠮᠯᠢᠭ ᠨᠢ ᠨᠢᠬᠡᠨᠳᠡ ᠮᠢᠩᠭ᠎ᠠ ᠭᠠᠷᠤᠢ ᠰᠠᠶᠢᠨ ᠳᠤᠷᠠᠳᠠᠨ ᠲᠠᠢ ᠳᠤᠮᠤ ᠡᠩᠨᠡᠭᠡ ᠪᠤᠯᠤᠨ ᠪᠤᠵᠠᠭᠠᠶᠢᠷᠠᠵᠤ᠂ ᠨᠡᠶᠢᠳᠡ 3000 ᠭᠠᠷᠤᠢ ᠤᠳᠠᠭ᠎ᠠ ᠰᠠᠶᠢᠨ ᠳᠤᠷ᠎ᠠ ᠶᠢᠨ ᠠᠵᠢᠯᠯᠠᠭᠠᠨ ᠦᠷᠨᠢᠬᠦᠯᠦᠨ᠂ ᠭᠠᠴᠢᠭᠳᠠᠯᠳᠠᠢ ᠬᠡᠥᠬᠡᠳ ᠦᠨᠦᠴᠢᠨ ᠪᠡᠯᠪᠡᠰᠦᠨ ᠨᠠᠰᠤᠳᠠᠨ᠂ ᠬᠦᠴᠢᠷᠳᠡᠯᠳᠠᠢ ᠬᠡᠷ ᠪᠦᠯᠢ᠂ ᠬᠦᠨᠳᠦ ᠡᠪᠡᠳᠴᠢᠳᠡᠨ ᠵᠡᠷᠬᠡ ᠪᠠᠭᠤᠷᠠᠢ ᠤᠯᠠᠨ ᠳᠦᠮᠡᠨ ᠢ ᠨᠡᠶᠢᠳᠡ 8000 ᠭᠠᠷᠤᠢ ᠬᠦᠮᠦᠨ ᠤᠳᠠᠭ᠎ᠠ ᠠᠪᠤᠷᠠᠨ ᠳᠤᠰᠠᠯᠠᠵᠤ᠂ ᠤᠯᠠᠨ ᠳᠦᠮᠡᠨ ᠳᠤ 10 ᠳᠦᠮᠡᠨ ᠬᠦᠮᠦᠨ ᠤᠳᠠᠭ᠎ᠠ ᠦᠢᠯᠡᠴᠢᠯᠡᠪᠡ᠃        ᠤᠷᠴᠢᠮ ᠤᠨ ᠵᠢᠯ ᠤᠨ ᠳᠤᠷᠰᠢ᠂ ᠠᠷᠦ ᠬᠤᠷᠴᠢᠨ ᠬᠤᠰᠢᠭᠤ ᠨᠢ ᠬᠦᠮᠦᠨ ᠠᠮᠠ ᠶᠢᠨ ᠨᠠᠰᠤᠵᠢᠯ ᠤᠨ ᠠᠰᠠᠭᠤᠳᠠᠯ ᠢ ᠢᠳᠡᠪᠬᠢᠳᠠᠢ ᠠᠷᠭᠠᠴᠠᠵᠤ᠂ ᠨᠡᠶᠢᠬᠡᠮ ᠳᠤᠭᠤᠷᠢᠭ ᠤᠨ ᠬᠡᠷ ᠲᠤ ᠪᠠᠨ ᠠᠰᠠᠷᠠᠮᠵᠢ  ᠬᠥᠷᠳᠡᠬᠦ ᠦᠢᠯᠡᠴᠢᠯᠡᠬᠡᠨ ᠤ ᠰᠢᠰᠲ᠋ᠧᠮ ᠢ ᠳᠠᠰᠤᠷᠠᠯᠳᠠ ᠦᠬᠡᠢ ᠳᠡᠬᠦᠯᠳᠡᠷᠵᠢᠬᠦᠯᠦᠨ᠂ ᠨᠠᠰᠤᠳᠠᠶᠢᠴᠤᠳ ᠤᠨ ᠬᠡᠷ ᠲᠤ ᠪᠠᠨ ᠬᠠᠷᠠᠭᠠᠯᠵᠠᠯ ᠬᠦᠷᠳᠡᠬᠦ ᠶᠠᠰᠤ ᠴᠢᠨᠠᠷ ᠢ ᠳᠡᠬᠡᠭᠰᠢᠯᠡᠬᠦᠯᠪᠡ᠃ 2021 ᠤᠨ ᠳᠤ᠂ ᠶᠠᠩ ᠳ᠋ᠥᠩ ᠮᠸᠢ ᠨᠡᠶᠢᠬᠡᠮᠯᠢᠭ ᠤᠨ ᠰᠠᠶᠢᠨ ᠲᠤᠷᠠᠴᠤᠳ ᠢᠶᠠᠨ ᠳᠠᠭᠠᠭᠤᠯᠤᠨ ᠠᠷᠦ ᠬᠤᠷᠴᠢᠨ ᠬᠤᠰᠢᠭᠤᠨ ᠤ ᠠᠷᠠᠳ ᠤᠨ ᠶᠠᠪᠤᠳᠠᠯ ᠤᠨ ᠳᠤᠪᠴᠢᠶ᠎ᠠ ᠲᠠᠢ ᠬᠤᠯᠪᠤᠭᠠᠯᠠᠨ᠂ ᠰᠠᠶᠢᠨ ᠳᠤᠷ᠎ᠠ +  ︽ᠨᠡᠶᠢᠬᠡᠮ ᠳᠤᠭᠤᠷᠢᠭ ᠪᠠ ᠬᠡᠷ ᠲᠤ ᠪᠠᠨ ᠠᠰᠠᠷᠠᠮᠵᠢ ᠬᠥᠷᠳᠡᠬᠦ  ︾ ᠦᠢᠯᠡᠴᠢᠯᠡᠬᠡᠨ ᠤ ᠠᠵᠢᠯᠯᠠᠭᠠᠨ ᠢ ᠦᠷᠨᠢᠬᠦᠯᠵᠦ᠂ ᠨᠠᠰᠤᠳᠠᠶᠢᠴᠤᠳ ᠲᠤ ᠭᠡᠷ ᠪᠦᠯᠢ ᠶᠢᠨ᠂ ᠨᠡᠶᠢᠬᠡᠮ ᠳᠤᠭᠤᠷᠢᠭ ᠤᠨ ᠨᠡᠩ ᠤᠯᠠᠨ ᠤᠯᠠᠨ ᠡᠰᠢᠴᠢᠯᠡᠭᠰᠡᠨ ᠦᠢᠯᠡᠴᠢᠯᠡᠭᠡ ᠬᠦᠷᠳᠡᠬᠡᠪᠡ᠃        ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭᠠᠨ ᠢ ᠨᠡᠩ ᠢᠯᠡᠬᠦᠤ ᠳᠦᠷᠢᠮᠵᠢᠯ ᠲᠠᠢ᠂ ᠵᠢᠷᠤᠮᠵᠢᠯ ᠲᠠᠢ ᠪᠤᠯᠭᠠᠬᠤ ᠶᠢᠨ ᠳᠦᠯᠦᠭᠡ᠂ ᠰᠦᠯᠵᠢᠶᠡᠨ ᠳᠡᠬᠡᠷ᠎ᠡ ᠨᠡᠷ᠎ᠡ ᠪᠦᠷᠢᠳᠬᠡᠬᠦᠯᠦᠭᠰᠡᠨ ᠴᠠᠭ ᠤᠨ ᠤᠷᠳᠤ ᠵᠢᠴᠢ ᠰᠦᠯᠵᠢᠶᠡᠨ ᠭᠠᠳᠠᠨᠠᠬᠢ ᠦᠢᠯᠡᠴᠢᠯᠡᠬᠡᠨ ᠤ ᠬᠤᠪᠢ ᠬᠤᠷᠠᠮᠳᠤᠭᠤᠯᠤᠨ ᠱᠠᠩᠨᠠᠬᠤ ᠳᠤᠭᠳᠠᠯᠴᠠᠭ᠎ᠠ ᠶᠢ ᠪᠠᠶᠢᠭᠤᠯᠵᠤ᠂ ᠰᠠᠶᠢᠨ ᠲᠤᠷᠠᠴᠤᠳ ᠢ ᠵᠤᠬᠢᠶᠠᠨ ᠪᠠᠶᠢᠭᠤᠯᠵᠤ ︽ᠳᠤᠮᠳᠠᠳᠤ ᠤᠯᠤᠰ ᠤᠨ ᠰᠠᠶᠢᠨ ᠳᠤᠷᠠᠳᠠᠨ︾ ᠵᠢᠴᠢ ︽ᠤᠮᠠᠷᠠᠳᠤ ᠬᠢᠯᠢ  ᠶᠢᠨ ᠰᠠᠶᠢᠨ ᠳᠤᠷᠠᠳᠠᠨ︾ ᠠᠯᠪᠠᠨ ᠤ ᠳᠠᠪᠴᠠᠩ ᠳᠡᠬᠡᠷ᠎ᠡ ᠳᠠᠩᠰᠠᠯᠠᠭᠤᠯᠵᠤ᠂ ᠤᠳᠠᠭ᠎ᠠ ᠪᠦᠷᠢ ᠠᠵᠢᠯᠯᠠᠭᠠᠨ ᠳᠤ ᠤᠷᠤᠯᠴᠠᠬᠤ ᠦᠶᠡᠰ ᠠᠯᠪᠠᠨ ᠤ ᠳᠠᠪᠴᠠᠩ ᠳᠤ ᠰᠦᠯᠵᠢᠶ᠎ᠡ ᠪᠠᠷ ᠨᠡᠷ᠎ᠡ ᠪᠦᠷᠢᠳᠬᠡᠬᠦᠯᠦᠨ᠂ ᠳᠠᠪᠴᠠᠩ ᠤᠨ ᠪᠦᠷᠢᠳᠬᠡᠯ ᠳᠡᠮᠳᠡᠭᠯᠡᠯ ᠢᠶᠠᠷ ᠦᠢᠯᠡᠴᠢᠯᠡᠭᠰᠡᠨ ᠴᠠᠭ ᠤᠨ ᠤᠷᠳᠤ ᠶᠢ ᠦᠨᠳᠦᠰᠦᠯᠡᠨ᠂ ᠤᠯᠤᠰ ᠤᠨ ᠢᠳᠡᠬᠡᠮᠵᠢ ᠶᠢᠨ ᠰᠢᠰᠲ᠋ᠧᠮ ᠳᠤ ᠬᠤᠪᠢ ᠬᠦᠮᠦᠨ ᠤ ᠢᠳᠡᠬᠡᠯ ᠳᠤ ᠬᠤᠪᠢ ᠨᠡᠮᠡᠭᠳᠡᠬᠦᠯᠦᠨ᠎ᠡ᠃ ᠰᠦᠯᠵᠢᠶᠡᠨ ᠭᠠᠳᠠᠨ᠎ᠠ᠂ ᠰᠠᠶᠢᠨ ᠳᠤᠷᠠᠳᠠᠳ ᠤᠨ ᠦᠢᠯᠡᠴᠢᠯᠡᠭᠰᠡᠨ ᠴᠠᠭ ᠢᠶᠠᠷ ᠬᠤᠪᠢ ᠬᠤᠷᠠᠮᠳᠤᠭᠤᠯᠬᠤ ᠳᠤᠭᠳᠠᠯᠴᠠᠭ᠎ᠠ ᠶᠢ ᠬᠡᠷᠡᠭᠵᠢᠬᠦᠯᠵᠦ᠂ ᠰᠠᠶᠢᠨ ᠳᠤᠷᠠᠳᠠᠳ ᠤᠨ ᠨᠠᠰᠤᠳᠠᠳ ᠲᠤ ᠦᠢᠯᠡᠴᠢᠯᠡᠭᠰᠡᠨ ᠳᠠᠯ᠎ᠠ ᠪᠠᠷ ᠬᠢ ᠪᠤᠳᠠᠳᠠᠢ ᠢᠯᠡᠷᠡᠯ ᠢ ᠦᠨᠡᠯᠡᠨ ᠳᠤᠭᠳᠠᠭᠠᠵᠤ᠂ ᠰᠦᠯᠵᠢᠶᠡᠨ ᠳᠡᠬᠡᠷᠡᠬᠢ ᠦᠢᠯᠡᠴᠢᠯᠡᠭᠰᠡᠨ ᠴᠠᠭ᠂  ᠰᠦᠯᠵᠢᠶᠡᠨ ᠭᠠᠳᠠᠨ᠎ᠠ ᠦᠢᠯᠡᠴᠢᠯᠡᠭᠰᠡᠨ ᠬᠤᠪᠢ ᠬᠤᠷᠠᠮᠳᠤᠯ ᠪᠠ ᠦᠢᠯᠡᠴᠢᠯᠡᠭᠡ ᠬᠦᠷᠳᠡᠭᠰᠡᠨ ᠨᠠᠰᠤᠳᠠᠶᠢᠴᠤᠳ ᠤᠨ ᠦᠨᠡᠯᠡᠯᠳᠡ ᠶᠢ ᠬᠤᠪᠢ ᠪᠤᠯᠭᠠᠨ ᠤᠯᠠᠷᠢᠭᠤᠯᠤᠨ ᠪᠤᠳᠤᠵᠤ᠂ ᠵᠢᠯ  ᠤᠨ ᠡᠴᠦᠰ ᠲᠤ ᠰᠠᠶᠢᠰᠢᠶᠠᠨ ᠬᠦᠬᠢᠬᠦᠯᠦᠨ᠎ᠡ᠃ ᠡᠬᠦᠨ ᠤ ᠬᠠᠮᠳᠤ᠂ ᠰᠠᠶᠢᠨ ᠳᠤᠷ᠎ᠠ ᠶᠢᠨ ᠦᠢᠯᠡᠴᠢᠯᠡᠬᠡᠨ ᠤ ᠬᠤᠷᠠᠮᠳᠤᠯ ᠬᠤᠪᠢ ᠪᠠᠷ ︽ᠤᠯᠠᠨ ᠨᠡᠶᠢᠳᠡ ᠶᠢᠨ ᠦᠢᠯᠡᠴᠢᠯᠡᠬᠡᠨ︾ ᠤ ᠡᠬᠢ ᠪᠠᠶᠠᠯᠢᠭ ᠢ ᠰᠤᠯᠢᠵᠤ ᠠᠪᠬᠤ ᠳᠦᠷᠢᠮ  ᠢ ᠰᠦᠪᠡᠭᠴᠢᠯᠡᠨ ᠳᠤᠷᠰᠢᠪᠠ᠂ ᠡᠳᠡᠬᠡᠷ ᠬᠢᠳᠡᠯ ᠨᠢ ᠨᠡᠶᠢᠬᠡᠮ ᠤᠨ ᠬᠦᠴᠦᠨ ᠤ ᠰᠠᠶᠢᠨ ᠳᠤᠷ᠎ᠠ ᠶᠢᠨ ᠦᠢᠯᠡᠴᠢᠯᠡᠭᠡ  ᠳᠤ ᠤᠷᠤᠯᠴᠠᠬᠤ ᠰᠠᠨᠠᠭᠠᠴᠢᠯᠠᠭᠠᠳᠤ ᠴᠢᠨᠠᠷ ᠪᠠ ᠢᠳᠡᠪᠬᠢ ᠴᠢᠨᠠᠷ ᠢ ᠤᠯᠠᠮ ᠨᠢᠬᠡ ᠠᠯᠬᠤᠮ ᠤᠷᠮᠠᠰᠢᠭᠤᠯᠵᠤ᠂ ︽ᠰᠠᠶᠢᠨ ᠳᠤᠷᠠᠳᠠᠨ ᠤ ᠬᠤᠷᠠᠮᠳᠤᠯ ᠬᠤᠪᠢ︾ ᠪᠠᠷ ︽ᠨᠠᠰᠤᠳᠠᠳ ᠢ ᠬᠠᠶᠢᠷᠠᠯᠠᠨ ᠬᠦᠨᠳᠦᠯᠡᠬᠦ ᠦᠢᠯᠡᠴᠢᠯᠡᠭᠡ︾ ᠶᠢᠨ ᠤᠬᠢ ᠰᠠᠶᠢᠨ ᠦᠷ᠎ᠡ ᠪᠦᠳᠦᠮᠵᠢ ᠶᠢ ᠤᠯᠪᠠ᠃        ᠦᠢᠯᠡ ᠠᠵᠢᠯᠯᠠᠭ᠎ᠠ ᠶᠢ ᠨᠢ ᠤᠶᠢᠯᠠᠭᠠᠬᠤ ᠦᠬᠡᠢ ᠬᠦᠮᠦᠰ ︽ᠳᠠᠨᠢᠬᠤ ᠦᠬᠡᠢ ᠬᠦᠮᠦᠰ ᠤᠨ ᠳᠦᠯᠦᠭᠡ ᠡᠳᠦᠷᠵᠢᠨ ᠮᠤᠩᠭᠠᠨᠢᠭᠠᠳ᠂ ᠶᠠᠭᠤᠨ ᠤ ᠳᠦᠯᠦᠭᠡ ᠪᠤᠢ︖︾ ᠬᠡᠵᠦ ᠭᠠᠶᠢᠬᠠᠨ ᠠᠰᠠᠭᠤᠬᠤ ᠳᠤ᠂ ᠶᠠᠩ ᠳ᠋ᠥᠩ ᠮᠸᠢ᠄ ︽ᠬᠦᠮᠦᠨ ᠨᠢᠬᠡ ᠨᠠᠰᠤᠨ ᠳᠤ ᠪᠠᠨ ᠬᠦᠴᠢᠷ ᠳᠦᠪᠡᠭ ᠳᠤᠬᠢᠶᠠᠯᠳᠤᠬᠤ ᠴᠢᠨᠢ ᠶᠡᠷᠦᠳᠡ ᠶᠢᠨ ᠶᠠᠪᠤᠳᠠᠯ᠂ ᠬᠠᠪᠰᠤᠷᠴᠤ ᠳᠡᠶᠢᠯᠪᠡᠯ ᠬᠠᠪᠰᠤᠷᠴᠤ ᠯᠡ ᠪᠠᠶᠢᠶ᠎ᠠ᠂ ᠳᠠᠬᠢᠭᠠᠳ ᠬᠡᠯᠡᠪᠡᠯ ᠪᠢ ᠪᠤᠯ ᠠᠷᠠᠳ ᠤᠨ ᠳᠦᠯᠦᠭᠡᠯᠡᠭᠴᠢ᠂ ᠨᠡᠶᠢᠬᠡᠮ ᠤᠨ ᠬᠠᠷᠢᠭᠤᠴᠠᠯᠭ᠎ᠠ ᠶᠢ ᠡᠬᠦᠷᠬᠡᠯᠡᠵᠦ᠂ ᠨᠡᠶᠢᠬᠡᠮ ᠤᠨ ᠦᠨ᠎ᠡ ᠦᠷᠳᠡᠭ ᠢ ᠢᠯᠡᠷᠡᠬᠦᠯᠵᠦ ᠶᠠᠪᠤᠮᠠᠨᠵᠢᠨ ᠰᠠᠶ᠋ᠢ ᠰᠤᠩᠭᠤᠭᠤᠯᠢ ᠶᠢᠨ ᠠᠷᠠᠳ ᠤᠨ ᠬᠦᠰᠡᠯ ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠪᠠᠶᠢᠵᠤ ᠴᠢᠳᠠᠨ᠎ᠠ᠃︾ ᠬᠡᠵᠦ ᠢᠨᠢᠶᠡᠮᠰᠦᠭᠯᠡᠨ ᠶᠠᠷᠢᠳᠠᠭ ᠪᠠᠶᠢᠯ᠎ᠠ᠃        ᠯᠢᠦ ᠶᠠ ᠾᠧ᠄ ᠨᠤᠳᠤᠭ ᠲᠤ ᠪᠠᠨ ᠪᠤᠴᠠᠵᠤ ᠦᠢᠯᠡᠰ ᠪᠤᠰᠬᠠᠭᠰᠠᠨ ᠮᠠᠩᠯᠠᠶᠢᠯᠠᠭᠴᠢ        ᠯᠢᠦ ᠶᠠ ᠾᠧ ᠪᠤᠯ ᠠᠷᠤ ᠬᠤᠷᠴᠢᠨ ᠤ ᠨᠡᠷ᠎ᠡ ᠳᠦᠷᠦ ᠲᠠᠢ ︽ᠠᠵᠤ ᠠᠬᠤᠶᠢᠯᠠᠯᠳᠠᠨ︾ ᠶᠤᠮ᠂ ᠳᠡᠬᠦᠨ  ᠤ ᠪᠡᠶ᠎ᠡ ᠳᠡᠬᠡᠷ᠎ᠡ ᠮᠠᠰᠢ ᠤᠯᠠᠨ ᠬᠢᠯᠠᠰ ᠴᠡᠭ ᠪᠤᠢ᠂ ᠨᠤᠳᠤᠭ ᠲᠤ ᠪᠠᠨ ᠪᠤᠴᠠᠵᠤ ᠦᠢᠯᠡᠰ ᠪᠤᠰᠬᠠᠭᠰᠠᠨ ︽ᠰᠢᠨ᠎ᠡ ᠳᠠᠷᠢᠶᠠᠴᠢᠨ︾᠂ ᠨᠤᠳᠤᠭ ᠤᠨ ᠤᠯᠠᠨ ᠳᠦᠮᠡᠨ ᠢᠶᠠᠨ ᠳᠠᠭᠠᠭᠤᠯᠤᠨ ᠪᠠᠶᠠᠵᠢᠭᠤᠯᠤᠭᠰᠠᠨ ︽ᠯᠢᠦ ᠳᠠᠭᠠᠭᠠᠮᠠᠯ︾᠂ ᠢᠳᠡᠪᠬᠢᠳᠠᠢ ᠪᠠᠷ ᠠᠷᠭ᠎ᠠ ᠪᠤᠳᠤᠯᠭ᠎ᠠ ᠪᠠᠨ ᠡᠷᠬᠦᠳᠡᠭ ︽ᠯᠢᠦ ᠲᠦᠯᠦᠭᠡᠯᠡᠭᠴᠢ︾  ᠁ ᠨᠤᠳᠤᠭ ᠤᠨ ᠰᠢᠷᠤᠢ  ᠪᠠᠨ ᠵᠢᠷᠦᠬᠡᠨ ᠳᠤ ᠪᠠᠨ ᠬᠠᠳᠠᠩᠰᠢᠭᠤᠯᠵᠤ᠂ ᠨᠤᠳᠤᠭ ᠤᠨ ᠤᠯᠠᠨ ᠳᠦᠮᠡᠨ ᠲᠠᠢ ᠰᠡᠳᠬᠢᠯ ᠢᠶᠠᠨ ᠬᠤᠯᠪᠤᠵᠤ᠂ ︽ᠬᠠᠮᠳᠤ ᠪᠠᠷ ᠪᠠᠶᠠᠵᠢᠬᠤ︾ ᠡᠬᠦᠷᠬᠡ ᠶᠢ ᠡᠬᠦᠷᠬᠡᠯᠡᠨ᠂ ᠤᠯᠠᠨ ᠳᠦᠮᠡᠨ ᠢ ᠳᠠᠭᠠᠭᠤᠯᠤᠨ ︽ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ︾ ᠵᠠᠮ ᠢᠶᠠᠷ ᠰᠢᠭᠤᠷᠬᠠᠶᠢᠯᠠᠨ ᠤᠷᠤᠭᠰᠢᠯᠠᠨ᠎ᠠ᠃        2013 ᠤᠨ ᠳᠤ ᠯᠢᠦ ᠶᠠ ᠾᠧ ᠨᠤᠳᠤᠭ ᠲᠤ ᠪᠠᠨ ᠪᠤᠴᠠᠨ ᠦᠢᠯᠡᠰ ᠪᠤᠰᠬᠠᠬᠤ ᠵᠠᠮ ᠢᠶᠠᠨ ᠡᠯᠬᠦᠪᠡ᠂ ᠠᠷᠪᠠᠭᠠᠳ ᠵᠢᠯ ᠤᠨ ᠴᠢᠷᠮᠠᠶᠢᠯᠭ᠎ᠠ ᠪᠠᠷ ᠳᠡᠬᠦᠨ ᠤ ᠡᠵᠡᠩᠨᠡᠭᠰᠡᠨ ᠯᠢ ᠯᠥᠩ ᠠᠮᠤ ᠶᠢᠨ ᠦᠢᠯᠡᠰ ᠨᠢ ᠬᠠᠮᠤᠭ ᠠᠩᠬᠠᠨ  ᠤ ᠵᠢᠯ ᠤᠨ ᠦᠢᠯᠡᠳᠪᠦᠷᠢᠯᠡᠯ ᠤᠨ ᠬᠦᠴᠦᠨ 800 ᠲᠤᠨ ᠤ ᠡᠳ᠋ᠰᠢᠬᠦᠯᠦᠯᠳᠡ ᠶᠢᠨ ᠦᠢᠯᠡᠳᠬᠡᠯ ᠤᠨ ᠭᠠᠵᠠᠷ ᠪᠠᠶᠢᠭᠰᠠᠨ ᠠᠴᠠ ᠤᠳᠤᠬᠠᠨ ᠤ ᠵᠢᠯ ᠤᠨ ᠦᠢᠯᠡᠳᠪᠦᠷᠢᠯᠡᠯ ᠤᠨ ᠬᠦᠴᠦᠨ 6 ᠳᠦᠮᠡᠨ ᠲᠤᠨ ᠪᠤᠯᠵᠤ ᠪᠤᠵᠠᠭᠠᠶᠢᠷᠠᠨ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠳᠠᠰᠤᠭ 2000 ᠭᠠᠷᠤᠢ ᠳᠡᠭᠰᠢ ᠳᠦᠷᠪᠡᠯᠵᠢᠨ ᠮᠧᠲᠷ ᠲᠤ ᠬᠦᠷᠴᠠᠢ᠂ ᠳᠦᠬᠦᠬᠡᠢ ᠠᠮᠤ ᠪᠤᠳᠠᠭ᠎ᠠ ᠨᠦᠬᠡᠴᠡᠯᠡᠬᠦ ᠬᠦᠮᠦᠷᠬᠡ 6000 ᠭᠠᠷᠤᠢ ᠳᠡᠭᠰᠢ ᠳᠦᠷᠪᠡᠯᠵᠢᠨ ᠮᠧᠲᠷ᠂ ᠡᠯᠧᠺᠲᠷᠤᠨ ᠡᠵᠡᠩᠨᠡᠯᠳᠡ ᠶᠢᠨ ᠳᠦᠪ 900 ᠳᠡᠭᠰᠢ ᠳᠦᠷᠪᠡᠯᠵᠢᠨ ᠮᠧᠲᠷ ᠪᠦᠬᠦᠢ ᠦᠢᠯᠡᠳᠪᠦᠷᠢᠯᠡᠯ ᠡᠳ᠋ᠰᠢᠬᠦᠯᠦᠯᠳᠡ ᠪᠠ ᠰᠦᠯᠵᠢᠶᠡᠨ ᠳᠡᠬᠡᠷᠡᠬᠢ ᠪᠠ ᠰᠦᠯᠵᠢᠶᠡᠨ ᠠᠴᠠ ᠭᠠᠳᠠᠨᠠᠬᠢ ᠪᠤᠷᠤᠯᠠᠭᠤᠯᠬᠤ ᠶᠢ ᠨᠢᠬᠡ ᠴᠤᠭᠴᠠᠵᠢᠭᠤᠯᠤᠭᠰᠠᠨ᠂ ᠡᠳᠦᠷ ᠤᠨ ᠪᠤᠷᠤᠯᠠᠭᠤᠯᠭ᠎ᠠ ᠶᠢᠨ ᠬᠡᠮᠵᠢᠶ᠎ᠡ ᠶᠢ 5000 ᠵᠠᠬᠢᠶᠠᠯᠭ᠎ᠠ ᠠᠴᠠ ᠳᠡᠬᠡᠭᠰᠢ ᠳᠤ ᠳᠤᠭᠳᠠᠪᠤᠷᠢᠵᠢᠭᠤᠯᠤᠭᠰᠠᠨ ᠤᠳᠤᠬᠢᠴᠢᠯᠠᠭᠰᠠᠨ ᠠᠵᠤ ᠠᠬᠤᠶᠢᠯᠠᠯ ᠪᠤᠯᠵᠤ ᠬᠦᠭᠵᠢᠨ ᠪᠤᠵᠠᠭᠠᠶᠢᠷᠠᠵᠠᠢ᠃ ᠠᠷᠪᠠᠨ ᠵᠢᠯ ᠤᠨ ᠳᠤᠷᠰᠢᠬᠢ ᠦᠢᠯᠡᠰ ᠪᠦᠳᠦᠬᠡᠭᠰᠡᠨ ᠵᠠᠮ ᠢᠶᠠᠨ ᠡᠷᠬᠢᠴᠡᠬᠦᠯᠪᠡᠯ᠂ ᠨᠤᠳᠤᠭ ᠢᠶᠠᠨ ᠪᠤᠳᠤᠭᠰᠠᠨ ᠰᠡᠳᠬᠢᠯ ᠨᠢ ︽ᠨᠤᠳᠤᠭ ᠪᠤᠴᠠᠭᠰᠠᠨ︾ ᠬᠠᠮᠤᠭ ᠦᠨᠨᠠᠴᠢ ᠬᠤᠷᠭᠤᠳᠠᠯ ᠪᠠᠶᠢᠵᠠᠢ᠃        ᠳᠡᠷᠡ ︽ᠺᠤᠮᠫᠠᠨᠢ + ᠰᠠᠭᠤᠷᠢᠨ ᠭᠠᠵᠠᠷ + ᠬᠦᠴᠢᠷᠳᠡᠯᠳᠠᠢ ᠡᠷᠦᠬᠡ︾ ᠶᠢᠨ ᠬᠡᠯᠪᠡᠷᠢ ᠪᠠᠷ ᠠᠵᠤ ᠠᠬᠤᠶᠢᠯᠠᠯ ᠤᠨ ᠡᠵᠡᠩᠨᠡᠯᠳᠡ ᠶᠢᠨ ᠬᠡᠪ ᠵᠠᠭᠪᠤᠷ ᠢ ᠢᠳᠡᠪᠬᠢᠳᠠᠢ ᠰᠦᠪᠡᠭᠴᠢᠯᠡᠵᠦ᠂ 840 ᠭᠠᠷᠤᠢ ᠡᠷᠦᠬᠡ ᠶᠢᠨ ᠤᠯᠠᠨ ᠳᠦᠮᠡᠨ ᠢ ᠳᠠᠶᠢᠴᠢᠯᠠᠨ ᠠᠮᠤ ᠪᠤᠳᠠᠭ᠎ᠠ ᠳᠠᠷᠢᠵᠤ᠂ ᠪᠤᠬᠢᠷᠳᠤᠯ ᠦᠬᠡᠢ ᠳᠠᠷᠢᠮᠠᠯ ᠤᠨ ᠰᠠᠭᠤᠷᠢᠨ ᠭᠠᠵᠠᠷ ᠢ ᠨᠡᠶᠢᠳᠡ 3600 ᠭᠠᠷᠤᠢ ᠮᠤ᠋᠂ ᠤᠷᠭᠠᠨᠢᠭ ᠳᠠᠷᠢᠮᠠᠯ ᠤᠨ ᠰᠠᠭᠤᠷᠢᠨ ᠭᠠᠵᠠᠷ ᠢ ᠨᠡᠶᠢᠳᠡ 960 ᠮᠤ᠋ ᠬᠦᠭᠵᠢᠬᠦᠯᠵᠠᠢ᠂ ᠡᠬᠦᠨ ᠤ ᠬᠠᠮᠳᠤ ᠺᠢᠯᠤᠭ᠍ᠷᠠᠮ ᠪᠦᠷᠢ 0.2 ᠳᠦᠬᠦᠷᠢᠭ ᠤᠨ ᠵᠠᠬ᠎ᠠ ᠳᠡᠯᠬᠡᠬᠦᠷ ᠤᠨ ᠬᠠᠩᠰᠢ ᠪᠠᠷ 124 ᠶᠠᠳᠠᠭᠤ ᠬᠦᠴᠢᠷᠳᠡᠯᠳᠠᠢ ᠡᠷᠦᠬᠡ ᠶᠢᠨ ᠳᠠᠷᠢᠭᠰᠠᠨ ᠠᠮᠤ ᠪᠤᠳᠠᠭ᠎ᠠ ᠶᠢ ᠬᠤᠳᠠᠯᠳᠤᠨ ᠠᠪᠤᠪᠠ᠂ ᠳᠡᠷᠡ ᠪᠠᠰᠠ ᠨᠤᠳᠤᠭ ᠤᠨ  ᠢᠶᠠᠨ ᠬᠡᠷ ᠢᠶᠠᠨ ᠰᠠᠬᠢᠵᠤ ᠬᠤᠴᠤᠷᠤᠭᠰᠠᠨ ᠪᠦᠰᠡᠬᠦᠶᠢᠴᠤᠳ᠂ ᠶᠠᠳᠠᠭᠤ ᠬᠦᠴᠢᠷᠳᠡᠯᠳᠠᠢ ᠪᠦᠰᠡᠬᠦᠶᠢᠴᠤᠳ ᠢ ᠪᠠᠷᠠᠭ᠎ᠠ ᠪᠤᠭᠤᠳᠠᠯᠯᠠᠬᠤ᠂ ᠪᠠᠷᠠᠭ᠎ᠠ ᠢᠯᠡᠬᠡᠬᠦ᠂ ᠬᠡᠷᠡᠭᠯᠡᠭᠴᠢᠳ ᠤᠨ ᠦᠢᠯᠡᠴᠢᠯᠡᠭᠡ᠂ ᠪᠤᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠡ ᠵᠡᠷᠬᠡ ᠠᠵᠢᠯ ᠳᠤ ︽ᠴᠢᠳᠠᠪᠤᠷᠢᠳᠠᠨ︾ ᠪᠤᠯᠭᠠᠨ ᠬᠦᠮᠦᠵᠢᠭᠦᠯᠵᠦ᠂ ᠳᠡᠳᠡᠨᠠᠷ ᠤᠨ ᠤᠷᠤᠯᠭ᠎ᠠ ᠶᠢ ᠨᠡᠮᠡᠭᠳᠡᠬᠦᠯᠬᠦ ᠶᠢᠨ ᠵᠡᠷᠬᠡᠪᠡᠷ ᠪᠠᠰᠠ ᠨᠢᠬᠡᠨ ᠤᠷ᠎ᠠ ᠮᠡᠷᠬᠡᠵᠢᠯ ᠡᠵᠡᠮᠰᠢᠬᠦᠯᠦᠭᠰᠡᠨ ᠪᠠᠶᠢᠨ᠎ᠠ᠃        ᠠᠷᠪᠠᠨ ᠵᠢᠯ ᠤᠨ ᠠᠳᠠᠯ ᠦᠢᠯᠡᠰ ᠴᠤᠭᠴᠠᠯᠠᠬᠤ ᠳᠤ ᠰᠠᠯᠬᠢ ᠪᠤᠷᠤᠭᠠᠨ ᠢ ᠠᠵᠢᠭ ᠦᠬᠡᠢ ᠳᠤᠭᠤᠯᠵᠤ᠂ ᠬᠦᠴᠢᠷ ᠪᠡᠷᠬᠡ ᠶᠢ ᠡᠷᠡᠮᠡᠬᠡᠶᠢᠯᠡᠨ ᠳᠠᠪᠠᠵᠤ ᠢᠷᠡᠭᠰᠡᠨ ᠢᠶᠠᠷ᠂ ᠠᠵᠤ ᠠᠬᠤᠶᠢᠯᠠᠯ ᠨᠢ ᠤᠳᠤ ᠳᠦᠷᠬᠡᠨ ᠬᠦᠭᠵᠢᠯᠳᠡ  ᠶᠢᠨ ᠵᠠᠮ ᠳᠤ ᠪᠠᠨ ᠤᠷᠤᠵᠠᠢ᠃ ᠤᠭ ᠰᠠᠨᠠᠭ᠎ᠠ ᠤᠤᠷ ᠵᠤᠷᠢᠯᠳᠠ᠂ ᠤᠨᠠᠭᠰᠠᠨ ᠰᠢᠷᠤᠢ ᠤᠤᠭᠤᠭᠰᠠᠨ ᠤᠰᠤ ᠪᠠᠨ ᠮᠠᠷᠳᠠᠯ ᠦᠬᠡᠢ ᠰᠡᠳᠬᠢᠯ ᠳᠤ ᠪᠠᠨ ᠬᠤᠯᠪᠤᠵᠤ ᠶᠠᠪᠤᠭᠰᠠᠨ ᠯᠢᠦ ᠶᠠ ᠾᠧ ᠨᠤᠳᠤᠭ ᠤᠨ ᠤᠯᠠᠨ ᠳᠦᠮᠡᠨ ᠢᠶᠠᠨ ᠳᠠᠭᠠᠭᠤᠯᠤᠨ ᠪᠠᠶᠠᠵᠢᠯ ᠤᠨ ᠵᠠᠮ ᠢᠶᠠᠷ ᠰᠢᠭᠤᠷᠬᠠᠶᠢᠯᠠᠨ ᠵᠠᠮᠨᠠᠵᠤ ᠶᠠᠪᠤᠨ᠎ᠠ᠃ ᠤᠯᠠᠨ ᠳᠦᠮᠡᠨ ᠤ ᠬᠦᠨᠳᠦ ᠨᠠᠶᠢᠳᠠᠯᠭ᠎ᠠ  ᠶᠢ ᠬᠦᠰᠡᠷᠳᠡᠬᠦᠯᠦᠯ ᠦᠬᠡᠢ᠂ ᠢᠮᠠᠭᠳᠠ ᠯᠠᠪᠳᠠᠭᠤᠨ ᠪᠤᠳᠠᠳᠠᠢ ᠵᠢᠳᠬᠦᠨ ᠴᠢᠷᠮᠠᠶᠢᠵᠤ᠂ ᠪᠤᠳᠠᠳᠤ ᠦᠢᠯᠡ ᠠᠵᠢᠯᠯᠠᠭ᠎ᠠ  ᠪᠠᠷ ᠢᠶᠠᠨ ︽ᠠᠷᠠᠳ ᠳᠦᠮᠡᠨ ᠨᠠᠮᠠᠢᠢ ᠶᠢ ᠳᠦᠯᠦᠭᠡᠯᠡᠭᠴᠢ ᠪᠠᠷ ᠰᠤᠩᠭᠤᠪᠠ᠂ ᠪᠢ ᠳᠦᠯᠦᠭᠡᠯᠡᠭᠴᠢ ᠪᠤᠯᠵᠤ ᠠᠷᠠᠳ ᠳᠦᠮᠡᠨ ᠳᠤ ᠪᠠᠨ ᠦᠢᠯᠡᠴᠢᠯᠡᠨ᠎ᠡ︾ ᠬᠡᠮᠡᠬᠦ ᠳᠦᠪ ᠴᠢᠩᠭ᠎ᠠ ᠠᠮᠠᠯᠠᠯᠳᠠ ᠪᠠᠨ ᠦᠢᠯᠡᠳᠦᠯᠬᠡᠵᠢᠭᠦᠯᠪᠡ᠃        ᠵᠠᠩ ᠱᠤ᠋ ᠶᠠᠨ᠄ ᠤᠭ ᠰᠠᠨᠠᠭ᠎ᠠ ᠡᠬᠦᠷᠬᠡ ᠬᠠᠷᠢᠭᠤᠴᠠᠯᠭ᠎ᠠ ᠪᠠᠨ ᠦᠯᠦ ᠮᠠᠷᠳᠠᠨ᠂ ᠠᠷᠠᠳ ᠤᠨ ᠳᠦᠯᠦᠭᠡ ᠵᠢᠳᠬᠦᠬᠦ ᠠᠷᠢᠭᠤᠨ ᠰᠡᠳᠬᠢᠯᠬᠡ ᠪᠠᠨ ᠢᠯᠡᠷᠡᠭᠦᠯᠦᠨᠡᠮ        ᠦᠵᠡᠰᠬᠦᠯᠡᠩᠲᠦ ᠰᠠᠶᠢᠬᠠᠨ ᠠᠷᠤ ᠬᠤᠷᠴᠢᠨ ᠬᠤᠰᠢᠭᠤᠨ ᠤ ᠲᠠᠯ᠎ᠠ ᠨᠤᠲᠤᠭ ᠲᠤ ᠡᠶᠢᠮᠦ ᠨᠢᠭᠡᠨ ᠠᠷᠠᠳ ᠤᠨ ᠲᠥᠯᠥᠭᠡᠯᠡᠭᠴᠢ ᠪᠠᠶᠢᠳᠠᠭ᠂ ᠲᠡᠷᠡ ᠬᠢᠵᠠᠭᠠᠯᠠᠰᠢ ᠥᠬᠡᠶ ᠬᠠᠯᠠᠭᠤᠨ ᠰᠡᠳᠬᠢᠯᠭᠡ᠂ ᠨᠡᠶᠢᠭᠡᠮ ᠤᠨ ᠬᠠᠷᠢᠭᠤᠴᠠᠯᠭᠠᠳᠤ ᠰᠡᠳᠬᠢᠯᠬᠡ ᠪᠠ ᠡᠬᠦᠷᠬᠡᠯᠡᠯᠳᠦ ᠰᠡᠳᠬᠢᠯᠭᠡ ᠪᠠᠷ ᠡᠮᠡᠭᠲᠡᠶᠢᠴᠦᠳ ᠬᠡᠤᠬᠡᠳ ᠢ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠬᠠᠯᠠᠮᠵᠢᠯᠠᠨ ᠬᠠᠶᠢᠷᠠᠯᠠᠵᠤ ᠶᠠᠪᠤᠳᠠᠭ᠂ ᠣᠯᠠᠨ ᠵᠢᠯ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠭᠠᠵᠠᠷ ᠣᠷᠣᠨ ᠤ ᠬᠡᠷ ᠪᠦᠯᠢ ᠶᠢᠨ ᠬᠥᠮᠦᠵᠢᠯ ᠪᠠ ᠡᠮᠡᠭᠲᠡᠶᠢᠴᠦᠳ ᠬᠡᠤᠬᠡᠳ ᠤᠨ ᠠᠵᠢᠯ ᠤᠨ ᠲᠦᠷᠭᠡᠨ ᠬᠥᠭᠵᠢᠯᠲᠡ ᠶᠢ ᠬᠦᠴᠦᠲᠡᠶ ᠠᠬᠢᠭᠤᠯᠵᠠᠢ᠂ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ ᠡᠭᠦᠷᠭᠡ ᠬᠠᠷᠢᠭᠤᠴᠠᠯᠭ᠎ᠠ ᠪᠠᠨ ᠮᠠᠷᠲᠠᠯ ᠥᠬᠡᠶ ᠨᠠᠷᠢᠨ ᠬᠢᠨᠠᠮᠠᠭᠠᠶ ᠭᠦᠢᠴᠡᠳᠬᠡᠳᠡᠭ᠂ ᠲᠡᠷᠡ ᠪᠣᠯ ᠳᠠᠷᠤᠶ ᠠᠷᠤ ᠬᠤᠷᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠳᠡᠷᠢᠬᠦᠯᠡᠭᠴᠢ ᠵᠠᠩ ᠱᠤ᠋ ᠶᠠᠨ ᠪᠤᠯᠤᠨ᠎ᠠ᠃        ᠲᠡᠷᠡ ᠡᠮᠡᠭᠲᠡᠶᠢᠴᠦᠳ ᠤᠨ ᠬᠤᠯᠪᠣᠭ᠎ᠠ  ᠶᠢᠨ  ᠥᠪᠡᠷᠮᠢᠴᠡ  ᠦᠢᠯᠡᠳᠦᠯ  ᠢ  ᠪᠠᠳᠠᠷᠠᠭᠤᠯᠬᠤ  ᠶᠢ  ᠴᠢᠬᠤᠯᠠᠴᠢᠯᠠᠵᠤ᠂ ᠠᠷᠠᠳ ᠤᠨ ᠲᠥᠯᠥᠭᠡᠯᠡᠭᠴᠢᠳ ᠤᠨ ︽ᠬᠠᠷᠢᠯᠴᠠᠬᠤ︾ ᠳᠠᠪᠠᠭᠤᠯᠢᠭ ᠢ ᠪᠠᠳᠠᠷᠠᠭᠤᠯᠤᠨ᠂ ᠤᠯᠠᠨ ᠲᠦᠮᠡᠨ ᠤ ᠳᠤᠮᠳᠠ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢ ᠠᠭᠤᠰᠤᠯᠴᠠᠭᠤᠯᠤᠨ ᠬᠥᠭᠵᠢᠭᠦᠯᠬᠦ ᠤᠢᠢᠯᠠᠭᠠᠭᠳᠠᠬᠤᠨ ᠢ ᠳᠤᠷᠠᠳᠴᠤ᠂ ᠭᠡᠷ ᠤᠨ ᠰᠤᠷᠲᠠᠯ ᠭᠡᠷ ᠤᠨ ᠬᠥᠮᠦᠵᠢᠯ ᠤᠨ ᠬᠦᠷᠢᠶᠡᠨ ᠳᠤ ᠰᠠᠭᠤᠷᠢᠯᠠᠵᠤ᠂ ︽︿ᠡᠪ﹀ ᠰᠤᠷᠳᠠᠯ ᠡᠶᠡᠳᠠᠢ ︿ᠶᠠᠷᠢᠶ᠎ᠠ﹀︾ ᠲᠠᠯ᠎ᠠ ᠨᠤᠲᠤᠭ ᠤᠨ ᠡᠮᠡᠭᠲᠡᠶᠢᠴᠦᠳ ᠤᠨ ᠠᠵᠢᠯᠯᠠᠭ᠎ᠠ ᠶᠢ ᠠᠭᠤᠰᠤᠯᠴᠠᠭᠤᠯᠤᠨ ᠡᠮᠡᠭᠲᠡᠶᠢᠴᠦᠳ ᠤᠨ ᠪᠠᠶᠢᠭᠤᠯᠤᠯᠲᠠ ᠶᠢᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠬᠤᠯᠪᠤᠭ᠎ᠠ ᠵᠡᠷᠭᠡ ᠪᠠᠷ ᠪᠦᠷᠢᠯᠳᠦᠭᠰᠡᠨ ᠠᠭᠤᠰᠤᠯᠴᠠᠭᠤᠯᠤᠨ ᠰᠤᠷᠤᠯᠴᠠᠬᠤ ᠡᠮᠡᠭᠲᠡᠶᠢᠴᠦᠳ ᠤᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠭᠡᠷ ᠪᠦᠯᠢ ᠶᠢᠨ ᠬᠥᠮᠦᠵᠢᠯ ᠤᠨ ᠲᠣᠭᠤᠷᠢᠨ ᠬᠢᠴᠢᠶᠡᠯᠯᠡᠬᠦ᠂ ᠬᠡᠷ ᠪᠦᠯᠢ ᠶᠢᠨ ᠰᠠᠶᠢᠨ ᠰᠤᠷᠲᠠᠯ ᠰᠠᠶᠢᠨ ᠭᠡᠷ ᠤᠨ ᠬᠡᠪ ᠪᠣᠯᠪᠠᠰᠤᠷᠠᠯ ᠤᠨ ᠦᠵᠡᠰᠬᠦᠯᠡᠩ ᠢ ᠰᠢᠯᠭᠠᠷᠠᠭᠤᠯᠬᠤ᠂ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠠᠪᠤᠷᠠᠨ ᠲᠤᠰᠠᠯᠠᠬᠤ᠂ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠶᠢᠴᠤᠳ ᠢ ᠬᠠᠪᠰᠤᠷᠤᠨ ᠲᠡᠳᠬᠦᠬᠦ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠥᠷᠭᠡᠨ ᠤᠯᠠᠨ ᠡᠮᠡᠭᠲᠡᠶᠢᠴᠦᠳ ᠦᠷ᠎ᠡ ᠬᠡᠦᠬᠡᠳ ᠢᠶᠠᠨ ᠰᠢᠨᠵᠢᠯᠡᠬᠦ ᠤᠬᠠᠭᠠᠨᠴᠢ ᠪᠠᠷ ᠰᠤᠷᠭᠠᠨ ᠬᠥᠮᠦᠵᠢᠭᠦᠯᠬᠦ ᠲᠦᠪᠰᠢᠨ ᠢ ᠬᠦᠴᠦᠯᠡᠨ ᠳᠡᠭᠡᠭᠰᠢᠯᠡᠭᠦᠯᠵᠡᠢ᠃ ᠲᠡᠷᠡ ᠦᠯᠢᠭᠡᠷ ᠳᠠᠭᠤᠷᠢᠶᠠᠯ ᠤᠨ ᠬᠦᠴᠦᠨ ᠢᠶᠠᠷ ᠭᠡᠷ ᠤᠨ ᠰᠤᠷᠭᠠᠯ ᠤᠨ ᠲᠤᠷᠰᠢᠯᠭ᠎ᠠ ᠤᠯᠠᠮᠵᠢᠯᠠᠬᠤ ᠶᠢ ᠰᠠᠨᠠᠭᠠᠴᠢᠯᠠᠵᠤ᠂ ︽ᠬᠠᠮᠤᠭ ᠤᠨ ᠭᠤᠶᠤ ᠭᠡᠷ ᠪᠦᠯᠢ︾ ᠶᠢ ᠰᠢᠯᠭᠠᠷᠠᠭᠤᠯᠬᠤ᠂ ︽ᠬᠡᠦᠬᠡᠳ ᠢᠶᠠᠨ ᠰᠤᠷᠭᠠᠬᠤ ᠳᠤ ᠠᠷᠭ᠎ᠠ ᠲᠠᠢ︾ ᠬᠠᠮᠤᠭ ᠤᠨ ᠭᠤᠶᠤ ᠭᠡᠷ ᠪᠦᠯᠢ ᠶᠢᠨ ᠦᠢᠯᠡ ᠠᠵᠢᠯᠯᠠᠭ᠎ᠠ ᠶᠢ ᠲᠡᠯᠭᠡᠷᠡᠭᠦᠯᠦᠨ ᠶᠠᠷᠢᠬᠤ᠂  ᠭᠡᠷ ᠤᠨ ᠰᠤᠷᠲᠠᠯ ᠰᠠᠶᠢᠨ ᠰᠢᠯᠢᠳᠡᠭ ᠭᠡᠷ ᠤᠨ ᠰᠤᠷᠭᠠᠯ ᠡᠯᠰᠡᠬᠦ ᠠᠵᠢᠯᠯᠠᠭ᠎ᠠ ᠤᠳ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ ᠤᠯᠠᠨ ᠭᠡᠷ ᠪᠦᠯᠢ ᠶᠢᠨ ᠶᠣᠰᠣ ᠰᠤᠷᠲᠠᠬᠤᠨ ᠢᠶᠠᠷ ᠭᠡᠷ ᠢᠶᠠᠨ ᠵᠠᠰᠠᠬᠤ᠂ ᠰᠤᠷᠤᠯᠴᠠᠯᠭ᠎ᠠ ᠪᠠᠷ ᠭᠡᠷ ᠢᠶᠠᠨ ᠮᠠᠨᠳᠤᠭᠤᠯᠬᠤ᠂ ᠪᠣᠯᠪᠠᠰᠤᠨ ᠢᠶᠠᠷ ᠭᠡᠷ ᠢᠶᠠᠨ ᠪᠠᠶᠢᠭᠤᠯᠬᠤ ᠶᠢ ᠬᠦᠳᠦᠯᠦᠨ ᠵᠢᠯᠣᠭᠤᠳᠪᠠ᠃        2018 ᠣᠨ ᠠᠴᠠ ᠡᠬᠢᠯᠡᠨ᠂ ᠲᠡᠷᠡ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠰᠦᠯᠵᠢᠶᠡᠨ ᠤ ᠰᠢᠨ᠎ᠡ ᠵᠠᠭᠤᠴᠢᠯᠠᠭᠤᠷ ᠤᠨ ᠰᠢᠨ᠎ᠡ ᠶᠢ ᠡᠭᠦᠳᠬᠦ ᠠᠵᠢᠯ ᠢ ᠢᠳᠡᠪᠬᠢᠲᠡᠢ ᠭᠦᠨᠵᠡᠭᠡᠶᠢᠷᠡᠭᠦᠯᠵᠦ᠂ ᠤᠷᠢᠳ ᠬᠤᠵᠢᠳ ︽ᠡᠪᠡᠰᠦᠨ ᠤ ᠰᠠᠭᠤᠷᠢᠨ ᠳᠠᠬᠢ ᠰᠢᠨ᠎ᠡ ᠡᠮᠡᠭᠳᠡᠶᠢᠴᠦᠳ  ︾ ᠭᠡᠬᠦ ᠵᠢᠷᠬᠢᠶ᠎ᠡ ᠲᠠᠪᠴᠠᠩ ᠤᠨ ᠪᠢᠴᠢᠯ ᠬᠥᠮᠦᠵᠢᠯ ᠤᠨ ᠪᠤᠯᠤᠩ᠂ ︽ᠨᠣᠮ ᠤᠩᠰᠢᠬᠤ — ᠬᠠᠨᠢ ᠪᠣᠯᠬᠤ — ᠦᠰᠦᠨ ᠪᠤᠶᠢᠵᠢᠯᠲᠠ︾ ᠭᠡᠬᠦ ᠰᠦᠯᠵᠢᠶᠡᠨ ᠳᠡᠭᠡᠷᠡᠬᠢ ᠲᠦᠷᠦᠯ ᠰᠠᠳᠤᠨ ᠤ ᠤᠩᠰᠢᠯᠭ᠎ᠠ ᠵᠡᠷᠬᠡ ᠶᠢ ᠡᠷᠬᠢᠯᠡᠨ ᠶᠠᠪᠤᠭᠳᠠᠭᠤᠯᠪᠠ᠂ ᠬᠠᠮ ᠵᠠᠭᠤᠴᠢᠯᠠᠭᠤᠷ ᠤᠨ ᠲᠥᠪ ᠲᠠᠢ ᠬᠠᠮᠳᠤᠷᠠᠨ ᠤᠯᠠᠨ ᠨᠡᠶᠢᠲᠡ ᠶᠢᠨ ᠳ᠋ᠤᠭᠠᠷ ᠲᠤ ᠭᠡᠷ ᠪᠦᠯᠢ ᠶᠢᠨ ᠬᠥᠮᠦᠵᠢᠯ ᠤᠨ ᠣᠨᠴᠠᠭᠠᠢ ᠪᠤᠯᠤᠩ ︽ᠵᠦᠢᠷ ᠦᠭᠡ︾ ᠵᠡᠷᠭᠡ ᠶᠢ ᠭᠠᠷᠭᠠᠵᠤ᠂ ᠲᠠᠪᠴᠠᠩ ᠤᠨ ᠠᠴᠢᠶᠠᠯᠠᠪᠤᠷᠢ ᠪᠣᠯᠤᠨ ᠤᠬᠠᠭᠤᠯᠭ᠎ᠠ ᠬᠥᠮᠦᠵᠢᠯ ᠤᠨ ᠬᠡᠯᠪᠡᠷᠢ ᠶᠢ ᠳᠠᠰᠤᠷᠠᠯᠳᠠ ᠦᠭᠡᠢ ᠰᠢᠨᠡᠴᠢᠯᠡᠬᠦ ᠪᠠᠷ ᠳᠠᠮᠵᠢᠭᠤᠯᠵᠤ᠂ ᠵᠥᠪ ᠣᠨᠣᠪᠴᠢᠲᠠᠢ ᠭᠡᠷ ᠪᠦᠯᠢ ᠶᠢᠨ ᠬᠥᠮᠦᠵᠢᠯ ᠤᠨ ᠤᠢᠢᠯᠠᠭᠠᠭᠳᠠᠬᠤᠨ ᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠠᠢ᠃ ᠲᠡᠭᠦᠨ ᠤ ᠭᠤᠤᠯᠯᠠᠨ ᠪᠠᠶᠢᠭᠤᠯᠤᠭᠰᠠᠨ ︽ᠡᠶ᠎ᠡ ᠵᠤᠬᠢᠴᠠᠯ ᠤᠨ ᠰᠠᠭᠤᠷᠢ︾ ᠠᠭᠤᠰᠤᠯᠴᠠᠯ ᠡᠮᠡᠭᠳᠠᠢ ᠶᠢᠨ ᠬᠤᠯᠪᠤᠭᠠᠨ ᠤ ᠵᠦᠪᠯᠡᠯ ᠨᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠴᠠᠭᠠᠵᠠ ᠶᠢᠨ ᠲᠠᠶᠢᠯᠤᠮᠵᠢ ᠵᠡᠷᠭᠡ ᠠᠵᠢᠯᠯᠠᠭ᠎ᠠ ᠶᠢ 20 ᠭᠠᠷᠤᠢ ᠬᠤᠭᠤᠴᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠮᠢᠩᠭ᠎ᠠ ᠰᠢᠬᠠᠮ ᠡᠮᠡᠭᠲᠡᠶᠢᠴᠦᠳ ᠲᠤ ᠠᠰᠢᠭ ᠬᠦᠷᠲᠡᠭᠡᠵᠡᠢ᠃  ᠲᠡᠭᠦᠨ ᠤ ᠵᠣᠬᠢᠶᠠᠨ ᠪᠠᠶᠢᠭᠤᠯᠵᠤ ᠥᠷᠨᠢᠭᠦᠯᠦᠭᠰᠡᠨ ︽ ᠠᠮᠤᠷ ᠲᠦᠪᠰᠢᠨ ᠤ ᠬᠥᠮᠦᠵᠢᠯ︾᠂ ︽ᠠᠮᠤᠷ ᠲᠦᠪᠰᠢᠨ ᠤ ᠮᠡᠳᠡᠯᠭᠡ ᠶᠢ ᠠᠵᠤ ᠠᠬᠤᠶᠢᠯᠠᠯ ᠬᠡᠷ ᠪᠦᠯᠢ ᠨᠢᠭᠡᠪᠦᠷᠢ ᠳᠤ ᠨᠡᠪᠴᠢᠭᠦᠯᠬᠦ︾ ᠵᠡᠷᠭᠡ ᠤᠷᠤᠯᠳᠤᠭᠠᠨ ᠤ ᠠᠵᠢᠯᠯᠠᠭ᠎ᠠ ᠪᠠ ᠲᠤᠰᠬᠠᠶ ᠰᠡᠳᠦᠪᠲᠦ ᠲᠠᠶᠢᠯᠤᠮᠵᠢ ᠨᠢ ᠨᠡᠶᠢᠭᠡᠮ ᠳᠤ ᠮᠠᠰᠢ ᠣᠯᠠᠨ ᠠᠰᠢᠭ ᠬᠦᠷᠳᠡᠭᠡᠵᠦ᠂ ᠨᠥᠯᠥᠭᠡᠯᠡᠬᠦ ᠬᠦᠴᠦᠨ ᠪᠠ ᠦᠷ᠎ᠡ ᠪᠦᠲᠦᠮᠵᠢ ᠨᠢ ᠨᠡᠶᠢᠳᠡᠮ ᠮᠡᠳᠡᠷᠡᠭᠳᠡᠪᠡ᠃        ᠡᠭᠦᠨ ᠤ ᠬᠠᠮᠲᠤ᠂ ᠲᠡᠷᠡ ᠪᠠᠰᠠ ᠣᠨᠴᠠᠭᠠᠶ ᠬᠡᠤᠬᠡᠳ ᠢ ᠬᠠᠯᠠᠮᠵᠢᠯᠠᠨ ᠬᠠᠶᠢᠷᠠᠯᠠᠬᠤ ᠶᠢ ᠣᠨᠴᠠᠭᠠᠶᠢᠯᠠᠨ ᠴᠢᠬᠤᠯᠠᠴᠢᠯᠠᠳᠠᠭ᠃ ︽ᠬᠠᠶᠢᠷ᠎ᠠ ᠪᠠᠷ ᠲᠡᠯᠭᠡᠷᠡᠭᠰᠡᠨ ᠴᠣᠮᠣᠷᠯᠢᠭ︾ ᠬᠠᠶᠢᠷ᠎ᠠ  ᠬᠠᠯᠠᠮᠵᠢ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠢᠳᠡᠪᠬᠢᠲᠡᠶ ᠦᠷᠨᠢᠬᠦᠯᠪᠡ᠃ ᠬᠤᠷᠢᠭᠤᠯ ᠤᠨ ᠭᠠᠵᠠᠷ ᠲᠠᠬᠢ ᠡᠮᠡᠭᠲᠡᠶ ᠬᠤᠷᠢᠭᠳᠠᠯ  ᠤᠨ ᠦᠷ᠎ᠡ ᠬᠡᠤᠬᠡᠳ ᠢ ᠯᠢ ᠽᠧ ᠰᠡᠳᠬᠢᠴᠡ ᠶᠢᠨ ᠯᠠᠪᠯᠠᠯᠲᠠ ᠶᠢᠨ ᠲᠠᠰᠤᠭ ᠲᠠᠢ ᠵᠣᠯᠭᠠᠭᠤᠯᠵᠤ᠂ ︽ᠡᠮᠡᠭᠲᠡᠶᠢᠴᠦᠳ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠬᠦᠮᠦᠵᠢᠭᠦᠯᠵᠦ · ᠨᠡᠷᠡᠨ ᠤ ᠬᠡᠷᠡᠯ ᠢᠶᠠᠷ ᠤᠨᠢᠶᠠᠷ ᠮᠠᠨᠠᠨ ᠢ ᠠᠷᠢᠯᠭᠠᠬᠤ︾ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ ︽ᠰᠤᠳᠤᠨ ᠡᠮᠡᠭᠳᠠᠶᠢᠴᠤᠳ ᠤᠨ ᠬᠠᠶᠢᠷ᠎ᠠ ᠬᠠᠯᠠᠮᠵᠢ︾ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠵᠣᠬᠢᠶᠠᠨ ᠪᠠᠶᠢᠭᠤᠯᠤᠨ ᠲᠠᠶᠢᠴᠢᠯᠠᠵᠦ᠂ 42 ᠶᠠᠳᠠᠭᠤ ᠬᠦᠴᠢᠷᠳᠡᠯᠲᠡᠶ ᠰᠤᠷᠤᠭᠴᠢᠳ ᠢ ᠲᠤᠰᠠᠯᠠᠪᠠ᠃ ︽ᠴᠣᠮᠣᠷᠯᠢᠭ ᠤᠨ ᠲᠥᠯᠥᠪᠯᠡᠭᠡ︾ ᠶᠢᠨ ᠠᠵᠢᠯ ᠲᠠᠢ ᠬᠠᠮᠲᠤᠷᠠᠨ᠂ ︽ᠭᠡᠷ ᠪᠦᠯᠢ ᠶᠢᠨ ᠬᠠᠶᠢᠷ᠎ᠠ ᠬᠠᠯᠠᠮᠵᠢ᠂ ᠲᠠ ᠪᠢᠳᠡᠨ ᠤ ᠳᠤᠯᠠᠭᠠᠨ ᠪᠠᠭᠤᠴᠠ︾ ᠠᠵᠢᠯᠯᠠᠭ᠎ᠠ ᠶᠢ ᠥᠷᠨᠢᠭᠦᠯᠵᠦ᠂ 31 ᠶᠠᠳᠠᠭᠤ ᠬᠦᠴᠢᠷᠳᠡᠯᠲᠡᠶ ᠡᠮᠡᠭᠲᠡᠶ ᠰᠣᠷᠣᠭᠴᠢ ᠶᠢ ᠲᠡᠳᠬᠦᠪᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢᠳᠤ ᠭᠡᠷ ᠣᠷᠣᠨ ᠨᠡᠶᠢᠭᠡᠮᠯᠢᠭ ᠲᠠᠢ ᠬᠠᠮᠲᠤᠷᠠᠨ ︽ ᠵᠢᠭᠠᠬᠠᠨ ᠬᠦᠰᠡᠯ — ᠬᠡᠦᠬᠡᠳ ᠤᠨ ᠰᠡᠳᠬᠢᠯ ᠢ ᠲᠡᠷᠭᠡᠯᠰᠢᠯᠡᠭᠦᠯᠬᠦ︾ ᠭᠤᠣᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ  ᠥᠷᠨᠢᠭᠦᠯᠵᠦ᠂  59  ᠶᠠᠳᠠᠭᠤ  ᠬᠦᠴᠢᠷᠳᠡᠯᠳᠠᠢ  ᠬᠡᠦᠬᠡᠳ  ᠢ  ᠲᠤᠰᠠᠯᠠᠪᠠ᠃        ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠡᠷᠡ ᠬᠡᠦᠬᠡᠳ ᠤᠨ ᠰᠤᠷᠭᠠᠨ ᠬᠥᠮᠦᠵᠢᠯ ᠵᠢᠴᠢ ᠨᠡᠶᠢᠭᠡᠮ ᠤᠨ ᠠᠷᠠᠳ ᠤᠨ ᠠᠮᠢᠳᠤᠷᠠᠯ ᠢ ᠴᠠᠭ ᠢᠮᠠᠭᠲᠠ ᠠᠩᠬᠠᠷᠴᠤ᠂ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠲᠥᠯᠥᠭᠡᠯᠡᠭᠴᠢᠳ ᠤᠨ ᠬᠢᠨᠠᠯᠳᠠ ᠳᠠᠯᠪᠢᠬᠤ᠂ ᠬᠠᠯᠠᠭᠤᠨ ᠴᠡᠭ ᠢᠶᠠᠷ ᠵᠠᠰᠠᠭ ᠤᠨ ᠶᠠᠪᠤᠳᠠᠯ ᠢ ᠠᠰᠠᠭᠤᠬᠤ᠂ ᠲᠥᠯᠥᠭᠡᠯᠡᠭᠴᠢᠳ ᠤᠨ ᠳᠤᠭᠤᠶᠢᠯᠠᠩ ᠤᠨ ᠠᠵᠢᠯᠯᠠᠭ᠎ᠠ ᠵᠡᠷᠭᠡ ᠳᠤ ᠢᠳᠡᠪᠬᠢᠲᠡᠢ ᠣᠷᠣᠯᠴᠠᠵᠤ᠂ ᠠᠷᠠᠳ ᠤᠨ ᠰᠠᠨᠠᠯ ᠢ ᠰᠤᠨᠤᠰᠤᠨ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠰᠠᠨᠠᠭ᠎ᠠ ᠶᠢ ᠴᠤᠭᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠣᠷᠣᠯᠴᠠᠬᠤ᠂ ᠬᠢᠨᠠᠯᠲᠠ ᠲᠠᠯᠪᠢᠵᠤ ᠠᠬᠢᠭᠤᠯᠬᠤ᠂ ᠬᠥᠭᠦᠷᠭᠡ ᠬᠤᠯᠪᠣᠭᠠᠰᠤ ᠪᠠ ᠵᠢᠱᠢᠶ᠎ᠡ ᠦᠵᠡᠬᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃                                       ᠤᠯᠠᠭᠠᠨᠬᠠᠳᠠ ᠬᠤᠳᠠ ᠶᠢᠨ ᠠᠷᠦ ᠬᠤᠷᠴᠢᠨ ᠬᠤᠰᠢᠭᠤᠨ ᠤ ᠠᠷᠠᠳ ᠤᠨ                       ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ                           ᠨᠠᠰᠤᠨᠪᠠᠶᠠᠷ᠂ ᠨᠢᠤ ᠭᠤᠸᠠᠨ ᠨᠠᠠ ᠡᠬᠡ ᠪᠢᠴᠢᠭ ᠬᠠᠩᠭᠠᠪᠠ                              ᠬᠠᠷᠢᠯᠴᠠᠬᠤ ᠤᠳᠠᠰᠤ᠄ 13847601070
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号