ᠤᠷᠴᠢᠮ ᠤᠨ ᠵᠢᠯ ᠤᠨ ᠳᠤᠷᠰᠢ᠂ ᠦᠪᠦᠷ ᠮᠤᠩᠭᠤᠯ ᠤᠨ ᠤᠯᠠᠭᠠᠨᠬᠠᠳᠠ ᠬᠤᠳᠠ ᠶᠢᠨ ᠠᠷᠦ ᠬᠤᠷᠴᠢᠨ | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ | ᠨᠢ ︽ᠳᠦᠷᠪᠡᠨ ᠪᠠᠶᠢᠭᠤᠯᠭ᠎ᠠ︾ ᠶᠢᠨ ᠪᠦᠳᠦᠬᠡᠨ ᠪᠠᠶᠢᠭᠤᠯᠤᠯᠳᠠ ᠲᠠᠢ ᠤᠶᠠᠯᠳᠤᠭᠤᠯᠤᠨ᠂ ᠵᠤᠬᠢᠶᠠᠨ ᠪᠠᠶᠢᠭᠤᠯᠤᠯᠳᠠ | ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠨ᠂ ᠰᠢᠨ᠎ᠡ ᠴᠠᠭ ᠦᠶ᠎ᠡ | ᠶᠢᠨ ᠠᠷᠢᠭᠤᠨ ᠴᠢᠬᠡᠴᠢ ᠰᠤᠶᠤᠯ ᠢ ᠬᠦᠮᠦᠵᠢᠬᠦᠯᠦᠨ ᠪᠠᠳᠠᠷᠠᠭᠤᠯᠵᠤ᠂ ᠵᠤᠬᠢᠶᠠᠨ ᠪᠠᠶᠢᠭᠤᠯᠤᠯᠳᠠ ᠰᠠᠨᠠᠭ᠎ᠠ ᠠᠮᠤᠷ᠂ | ᠳᠦᠯᠦᠭᠡᠯᠡᠭᠴᠢᠳ ᠢᠳᠡᠬᠡᠯ ᠲᠠᠢ᠂ ᠠᠷᠠᠳ ᠳᠦᠮᠡᠨ ᠬᠠᠨᠤᠮᠵᠢ ᠲᠠᠢ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠭ᠎ᠠ ᠶᠢ ᠢᠳᠡᠪᠬᠢᠳᠠᠢ ᠴᠤᠭᠴᠠᠯᠠᠵᠤ᠂ ᠠᠷᠢᠭᠤᠨ ᠴᠢᠬᠡᠴᠢ ᠪᠠᠶᠢᠭᠤᠯᠭ᠎ᠠ ᠶᠢᠨ ᠪᠠᠶᠢᠭᠤᠯᠤᠯᠳᠠ ᠪᠠᠷ | ᠰᠢᠨ᠎ᠡ ᠴᠠᠭ ᠦᠶ᠎ᠡ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠪᠠ᠃ | ᠳᠡᠬᠡᠳᠦ ᠪᠠᠶᠢᠷᠢᠯᠠᠯ ᠤᠨ ᠠᠬᠢᠭᠤᠯᠤᠯᠳᠠ ᠶᠢ ᠴᠢᠬᠤᠯᠠᠴᠢᠯᠠᠨ᠂ ᠳᠦᠷᠢᠮ ᠤᠨ ᠪᠠᠶᠢᠭᠤᠯᠤᠯᠳᠠ ᠶᠢ ᠴᠢᠩᠭᠠᠳᠬᠠᠪᠠ | ᠨᠢᠬᠡ ᠳᠤ᠂ 2024 ᠤᠨ ᠤ ᠬᠤᠰᠢᠭᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ | ᠳᠤᠰᠬᠠᠢ ᠰᠡᠳᠦᠪᠳᠦ ᠠᠵᠢᠯ ᠤᠨ ᠬᠤᠷᠠᠯ ᠢ ᠴᠠᠭ ᠳᠤᠬᠠᠢ ᠳᠤ ᠨᠢ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ | ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ | ᠳᠠᠯ᠎ᠠ ᠪᠠᠷ ᠳᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠳᠠᠯ ᠴᠢᠬᠡᠴᠢ ᠵᠠᠰᠠᠭ ᠤᠨ | ᠪᠠᠶᠢᠭᠤᠯᠤᠯᠳᠠ ᠶᠢ ᠴᠢᠩᠭᠠᠳᠬᠠᠬᠤ ᠳᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠ ᠨᠠᠮ ᠤᠨ ᠳᠦᠪ | ᠬᠤᠷᠢᠶ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠬᠤᠰᠢᠭᠤᠨ | ᠨᠠᠮ ᠤᠨ ᠬᠤᠷᠢᠶ᠎ᠠ ᠶᠢᠨ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢ ᠴᠢᠩᠭᠠᠳᠬᠠᠬᠤ ᠳᠤᠬᠠᠢ | ᠰᠢᠷᠢᠰ ᠵᠢᠭᠠᠪᠤᠷᠢ ᠱᠠᠭᠠᠷᠳᠠᠯᠭ᠎ᠠ ᠶᠢ ᠬᠦᠨᠵᠡᠬᠡᠢ ᠰᠤᠷᠤᠯᠴᠠᠪᠠ᠃ ᠪᠠᠶᠢᠭᠤᠯᠭ᠎ᠠ ᠶᠢᠨ ᠨᠠᠮ ᠤᠨ ᠳᠤᠭᠤᠶᠢᠯᠠᠩ ᠤᠨ | ᠭᠤᠤᠯᠯᠠᠨ ᠬᠠᠮᠢᠶᠠᠷᠬᠤ ᠨᠦᠬᠦᠷ ᠳᠡᠬᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠡᠶᠡᠳᠡᠨ ᠪᠠᠶᠢᠷᠢᠯᠠᠭᠤᠯᠵᠤ | ᠳᠠᠶᠢᠴᠢᠯᠠᠭᠰᠠᠨ ᠢᠶᠠᠷ᠂ ᠬᠤᠰᠢᠭᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠨᠢ ᠠᠷᠢᠭᠤᠨ ᠴᠢᠬᠡᠴᠢ ᠠᠷᠦ ᠬᠤᠷᠴᠢᠨ ᠬᠤᠰᠢᠭᠤᠨ ᠤ ᠪᠦᠳᠦᠬᠡᠨ ᠪᠠᠶᠢᠭᠤᠯᠤᠯᠳᠠ ᠳᠤ ᠬᠤᠰᠢᠭᠤᠴᠢᠯᠠᠨ ᠵᠢᠱᠢᠶ᠎ᠡ | ᠦᠵᠡᠬᠦᠯᠪᠡ᠃ ᠬᠤᠶᠠᠷ ᠲᠤ᠂ ︽ᠬᠤᠰᠢᠭᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶ᠎ᠠ ᠶᠢᠨ ᠪᠠᠶᠢᠭᠤᠯᠭ᠎ᠠ ᠶᠢᠨ 2024 ᠤᠨ ᠤ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ | ᠶᠢᠨ ᠠᠵᠢᠯ ᠤᠨ ᠭᠤᠤᠯᠳᠠᠯᠭ᠎ᠠ︾ ᠶᠢ ᠳᠠᠷᠤᠮᠠᠯᠯᠠᠨ ᠳᠠᠷᠬᠠᠭᠠᠵᠤ᠂ ᠰᠢᠷᠭᠠᠭᠤ ᠴᠢᠷᠮᠠᠶᠢᠯᠭ᠎ᠠ ᠪᠠ ᠠᠷᠢᠭᠤᠨ ᠴᠢᠬᠡᠴᠢ | ᠶᠢ ᠵᠡᠷᠬᠡᠪᠡᠷ ᠴᠢᠬᠤᠯᠠᠴᠢᠯᠠᠭᠰᠠᠨ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠶᠢᠨ ᠪᠠᠶᠢᠭᠤᠯᠤᠯᠳᠠ ᠶᠢᠨ | ᠦᠨᠳᠦᠷᠴᠡ ᠶᠢ ᠴᠤᠭᠴᠠᠯᠠᠵᠤ᠂ ᠠᠷᠢᠭᠤᠨ ᠴᠢᠬᠡᠴᠢ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠭ᠎ᠠ ᠶᠢᠨ ᠪᠦᠳᠦᠬᠡᠨ ᠪᠠᠶᠢᠭᠤᠯᠤᠯᠳᠠ ᠶᠢ ᠬᠦᠨᠵᠡᠬᠡᠶᠢᠷᠡᠬᠦᠯᠦᠨ ᠠᠬᠢᠭᠤᠯᠵᠤ᠂ ᠤᠯᠤᠰ ᠳᠦᠷᠦ ᠶᠢᠨ | ᠬᠠᠷᠢᠭᠤᠴᠠᠯᠭ᠎ᠠ ᠶᠢ ᠪᠠᠳᠤᠳᠬᠠᠨ᠂ ᠴᠢᠬᠡᠴᠢ ᠵᠠᠰᠠᠭ ᠤᠨ ᠬᠦᠮᠦᠵᠢᠯ ᠢ ᠬᠦᠨᠵᠡᠬᠡᠶᠢᠷᠡᠬᠦᠯᠵᠦ᠂ ᠰᠠᠬᠢᠯᠭ᠎ᠠ ᠪᠠᠳᠤ ᠶᠢᠨ | ᠱᠠᠭᠠᠷᠳᠠᠯᠭ᠎ᠠ ᠶᠢ ᠴᠢᠩᠳᠠᠯᠠᠪᠠ᠃ ᠭᠤᠷᠪᠠ ᠳᠤ᠂ ︽ᠬᠤᠰᠢᠭᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠨᠠᠮ ᠤᠨ ᠳᠤᠭᠤᠶᠢᠯᠠᠩ ᠤᠨ ᠭᠤᠤᠯ ᠴᠤᠭᠴᠠ ᠶᠢᠨ | ᠬᠠᠷᠢᠭᠤᠴᠠᠯᠭ᠎ᠠ ᠶᠢᠨ ᠠᠵᠢᠯ ᠤᠨ ᠳᠦᠰᠦᠯ︾ ᠪᠠ ︽ᠬᠤᠰᠢᠭᠤᠨ ᠠᠷᠠᠳ ᠤᠨ ᠳᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠨᠠᠮ ᠤᠨ ᠰᠤᠷᠳᠠᠯ ᠴᠢᠬᠡᠴᠢ ᠵᠠᠰᠠᠭ ᠤᠨ | ᠪᠠᠶᠢᠭᠤᠯᠤᠯᠳᠠ ᠪᠠ ᠢᠯᠵᠢᠷᠡᠯ ᠢ ᠡᠰᠡᠷᠬᠦᠴᠡᠬᠦ ᠠᠵᠢᠯ ᠤᠨ ᠳᠦᠰᠦᠯ︾ ᠢ ᠳᠤᠭᠳᠠᠭᠠᠵᠤ᠂ ᠪᠦᠳᠦᠬᠡᠨ ᠪᠠᠶᠢᠭᠤᠯᠤᠯᠳᠠ | ᠶᠢᠨ ᠭᠤᠤᠯᠳᠠᠯᠭ᠎ᠠ ᠶᠢ ᠳᠤᠪᠤᠶᠢᠯᠭᠠᠨ᠂ ᠠᠵᠢᠯ ᠤᠨ ᠠᠷᠭ᠎ᠠ ᠠᠪᠴᠠᠯ ᠢ ᠨᠠᠷᠢᠯᠢᠭᠵᠢᠭᠤᠯᠵᠤ᠂ ᠨᠠᠮ ᠤᠨ | ᠪᠠᠶᠢᠭᠤᠯᠤᠯᠳᠠ ᠶᠢ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠬᠠᠥᠯᠢ ᠴᠠᠭᠠᠵᠠ ᠶᠢᠨ ᠬᠢᠨᠠᠯᠳᠠ ᠯᠤᠭ᠎ᠠ | ᠬᠦᠨᠵᠡᠬᠡᠢ ᠠᠭᠤᠰᠤᠯᠴᠠᠭᠤᠯᠪᠠ᠃ | ᠬᠠᠷᠢᠭᠤᠴᠠᠯᠭ᠎ᠠ ᠶᠢᠨ ᠪᠤᠳᠠᠳᠠᠶᠢᠵᠢᠭᠤᠯᠤᠯᠳᠠ ᠶᠢ ᠴᠢᠬᠤᠯᠠᠴᠢᠯᠠᠨ᠂ ᠳᠦᠭᠰᠢᠬᠦᠷᠢ ᠶᠢᠨ ᠪᠠᠶᠢᠴᠠᠭᠠᠯᠳᠠ ᠶᠢ | ᠴᠢᠩᠭᠠᠳᠬᠠᠪᠠ | ᠨᠢᠬᠡ ᠳᠤ᠂ ᠬᠤᠰᠢᠭᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠶᠢᠨ ᠪᠠᠶᠢᠭᠤᠯᠭ᠎ᠠ ᠶᠢᠨ ᠨᠠᠮ ᠤᠨ ᠳᠤᠭᠤᠶᠢᠯᠠᠩ ᠤᠨ ᠱᠦᠵᠢ ᠨᠢᠬᠡᠳᠦᠬᠡᠷ ᠬᠠᠷᠢᠭᠤᠴᠠᠯᠭᠠᠳᠠᠨ ᠤ ᠳᠤᠰᠢᠶᠠᠯ | ᠬᠠᠷᠢᠭᠤᠴᠠᠯᠭ᠎ᠠ ᠶᠢ ᠬᠢᠨᠠᠮᠠᠭᠠᠢ ᠬᠦᠢᠴᠡᠳᠬᠡᠵᠦ᠂ ᠨᠠᠮ ᠤᠨ ᠳᠤᠭᠤᠶᠢᠯᠠᠩ ᠤᠨ ᠪᠠᠭ ᠤᠨ ᠬᠡᠰᠢᠬᠦᠨ ᠤ ︽ᠨᠢᠬᠡ | ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠳᠤᠭᠤᠶᠢᠯᠠᠩ ᠤᠨ ᠱᠦᠵᠢ ᠨᠢ | ᠨᠠᠮ ᠤᠨ ᠳᠤᠭᠤᠶᠢᠯᠠᠩ ᠤᠨ ᠡᠯ᠎ᠡ ᠬᠡᠰᠢᠬᠦᠳ ᠯᠤᠭ᠎ᠠ ᠨᠢᠬᠡᠳ ᠨᠢᠬᠡ ᠪᠠᠷ ︽ᠬᠤᠰᠢᠭᠤᠨ ᠠᠷᠠᠳ ᠤᠨ | ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠨᠠᠮ ᠤᠨ ᠰᠤᠷᠳᠠᠯ | ᠴᠢᠬᠡᠴᠢ ᠵᠠᠰᠠᠭ ᠤᠨ ᠪᠠᠶᠢᠭᠤᠯᠤᠯᠳᠠ ᠶᠢᠨ ᠬᠠᠷᠠᠯᠳᠠ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠦᠰᠦᠭ | ᠵᠢᠷᠤᠵᠤ ᠳᠤᠭᠳᠠᠨ᠂ ᠨᠢᠬᠡ ᠱᠠᠳᠤ ᠨᠢ ᠨᠢᠬᠡ ᠱᠠᠳᠤ ᠳᠤ ᠪᠠᠨ ᠬᠠᠷᠢᠭᠤᠴᠠᠬᠤ᠂ ᠱᠠᠳᠤ ᠳᠠᠷᠠᠭᠠᠯᠠᠨ ᠴᠢᠩᠳᠠᠯᠠᠬᠤ | ᠠᠵᠢᠯ ᠤᠨ ᠪᠠᠶᠢᠳᠠᠯ ᠢ ᠪᠤᠢ ᠪᠤᠯᠭᠠᠵᠤ᠂ ᠪᠠᠭ ᠢ ᠴᠢᠩᠭᠠᠳᠬᠠᠬᠤ᠂ ᠡᠩᠨᠡᠭᠡ ᠪᠠᠨ ᠰᠠᠶᠢᠳᠤᠷ ᠳᠠᠭᠠᠭᠤᠯᠬᠤ ᠶᠢ ᠦᠨᠡᠨᠬᠦ | ᠪᠡᠶᠡᠯᠡᠬᠦᠯᠪᠡ᠃ ᠬᠤᠶᠠᠷ ᠲᠤ᠂ ᠴᠢᠬᠡᠴᠢ ᠵᠠᠰᠠᠭ ᠤᠨ ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ | ᠪᠠ ᠬᠢᠨᠠᠯᠳᠠ ᠳᠠᠯᠪᠢᠬᠤ ᠬᠠᠷᠢᠭᠤᠴᠠᠯᠭ᠎ᠠ ᠶᠢᠨ ︽ᠬᠤᠤᠰ ᠨᠠᠷᠢᠨ ᠲᠤᠳᠤᠷᠬᠠᠶᠢᠯᠠᠯ︾ ᠤᠨ ᠳᠤᠭᠳᠠᠯᠴᠠᠭ᠎ᠠ ᠶᠢ | ᠳᠡᠬᠦᠯᠳᠡᠷᠵᠢᠬᠦᠯᠦᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠠᠷᠢᠭᠤᠨ ᠴᠢᠬᠡᠴᠢ | ᠶᠢᠨ ᠪᠠᠶᠢᠭᠤᠯᠤᠯᠳᠠ ᠶᠢ ᠬᠦᠴᠦᠳᠠᠢ ᠠᠬᠢᠭᠤᠯᠵᠤ᠂ ᠪᠠᠶᠢᠭᠤᠯᠭ᠎ᠠ ᠶᠢᠨ ᠺᠠᠳ᠋ᠷᠴᠤᠳ ᠢ ᠵᠤᠬᠢᠶᠠᠨ ᠪᠠᠶᠢᠭᠤᠯᠤᠨ ᠴᠢᠬᠡᠴᠢ | ᠵᠠᠰᠠᠭ ᠤᠨ ᠠᠮᠠᠯᠠᠯᠳᠠ ᠬᠢᠯᠬᠡᠵᠦ᠂ ︽ᠴᠢᠬᠡᠴᠢ ᠵᠠᠰᠠᠭ ᠤᠨ ᠠᠮᠠᠯᠠᠯᠳᠠ ᠶᠢᠨ ᠪᠢᠴᠢᠭ︾ ᠲᠤ ᠭᠠᠷ ᠤᠨ ᠦᠰᠦᠭ | ᠵᠢᠷᠤᠭᠤᠯᠪᠠ᠃ ᠭᠤᠷᠪᠠ ᠳᠤ ᠡᠯ᠎ᠡ ᠠᠵᠢᠯ ᠤᠨ ᠪᠠᠶᠢᠷᠢ ᠶᠢᠨ ᠴᠢᠬᠡᠴᠢ ᠵᠠᠰᠠᠭ ᠤᠨ ᠳᠦᠭᠰᠢᠬᠦᠷᠢ ᠶᠢ ᠳᠠᠷᠠᠭᠠᠯᠠᠨ | ᠪᠠᠶᠢᠴᠠᠭᠠᠬᠤ ᠠᠵᠢᠯ ᠢ ᠬᠢᠨᠠᠮᠠᠭᠠᠢ ᠦᠷᠨᠢᠬᠦᠯᠵᠦ᠂ ᠦᠪᠡᠷ ᠢ ᠪᠠᠨ ᠪᠠᠶᠢᠴᠠᠭᠠᠵᠤ ᠦᠪᠡᠷ ᠢ ᠪᠠᠨ ᠵᠠᠯᠠᠷᠠᠭᠤᠯᠬᠤ ᠲᠠᠢ | ᠤᠶᠠᠯᠳᠤᠭᠤᠯᠤᠨ᠂ ᠳᠦᠭᠰᠢᠬᠦᠷᠢ ᠶᠢᠨ ᠳᠠᠯᠳᠠ ᠬᠡᠮ ᠢ ᠴᠠᠭ ᠳᠤᠬᠠᠢ ᠳᠤ ᠨᠢ ᠪᠠᠶᠢᠴᠠᠭᠠᠨ᠂ ᠪᠠᠶᠢᠭᠤᠯᠭ᠎ᠠ ᠶᠢᠨ | ᠴᠢᠬᠡᠴᠢ ᠵᠠᠰᠠᠭ ᠤᠨ ᠳᠦᠭᠰᠢᠬᠦᠷᠢ ᠶᠢ ᠰᠡᠷᠬᠡᠶᠢᠯᠡᠨ ᠬᠤᠷᠢᠭᠯᠠᠬᠤ ᠳᠤᠳᠤᠭᠠᠳᠤ ᠶᠢᠨ ᠳᠤᠭᠳᠠᠯᠴᠠᠭ᠎ᠠ ᠶᠢ | ᠪᠦᠷᠢᠨᠰᠢᠬᠦᠯᠪᠡ᠃ | ᠪᠠᠶᠢᠩᠭᠤ ᠶᠢᠨ ᠬᠢᠨᠠᠯᠳᠠ ᠶᠢ ᠴᠢᠬᠤᠯᠠᠴᠢᠯᠠᠨ᠂ ᠬᠤᠷᠢᠭ᠎ᠠ ᠱᠤᠭᠤᠮ ᠤᠨ ᠤᠬᠠᠮᠰᠠᠷ ᠢ ᠴᠢᠩᠭᠠᠳᠬᠠᠪᠠ | ᠨᠢᠬᠡ ᠳᠤ᠂ ᠪᠠᠶᠠᠷ ᠳᠤᠷᠠᠰᠬᠠᠯ ᠤᠨ ᠡᠳᠦᠷ ᠢ ᠴᠢᠭᠳᠠᠯᠠᠵᠤ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ | ᠠᠷᠢᠭᠤᠨ ᠴᠢᠬᠡᠴᠢ ᠪᠠᠷ ᠪᠠᠶᠠᠷ ᠳᠤᠷᠠᠰᠬᠠᠯ ᠤᠨ ᠡᠳᠦᠷ ᠢᠶᠠᠨ ᠦᠩᠬᠡᠷᠡᠬᠦᠯᠬᠦ ᠳᠤᠬᠠᠢ ᠪᠢᠴᠢᠭ ᠮᠠᠲ᠋ᠧᠷᠢᠶᠠᠯ ᠤᠨ | ᠵᠤᠷᠢᠭ ᠰᠠᠨᠠᠭ᠎ᠠ ᠶᠢ ᠴᠠᠭ ᠳᠤᠬᠠᠢ ᠳᠤ ᠨᠢ ᠤᠯᠠᠮᠵᠢᠯᠠᠵᠤ᠂ ᠴᠢᠬᠡᠴᠢ ᠵᠠᠰᠠᠭ ᠤᠨ ᠶᠠᠷᠢᠯᠴᠠᠭ᠎ᠠ ᠶᠢ ᠦᠷᠨᠢᠬᠦᠯᠦᠨ᠂ | ᠰᠤᠷᠳᠠᠯ ᠢ ᠴᠢᠬᠡᠴᠢᠯᠡᠨ ᠰᠠᠬᠢᠯᠭ᠎ᠠ ᠶᠢ ᠴᠢᠩᠳᠠᠯᠠᠵᠤ᠂ ᠪᠠᠶᠢᠭᠤᠯᠭ᠎ᠠ ᠶᠢᠨ ᠨᠠᠮ ᠤᠨ ᠬᠡᠰᠢᠬᠦᠳ ᠤᠨ ᠦᠪᠡᠷ ᠢ ᠪᠠᠨ | ᠬᠦᠨᠳᠦᠳᠬᠡᠨ ᠦᠪᠡᠷᠳᠡᠬᠡᠨ ᠰᠡᠬᠡᠬᠡᠷᠡᠵᠦ ᠦᠪᠡᠷ ᠢ ᠪᠠᠨ ᠰᠡᠷᠡᠮᠵᠢᠯᠡᠬᠦᠯᠦᠨ ᠦᠪᠡᠷ ᠢ ᠪᠠᠨ ᠴᠢᠩᠳᠠᠯᠠᠬᠤ ᠶᠢ | ᠬᠦᠳᠦᠯᠦᠨ ᠳᠠᠭᠠᠭᠤᠯᠪᠠ᠃ ᠬᠤᠶᠠᠷ ᠲᠤ᠂ ᠴᠢᠬᠤᠯᠠ ᠶᠡᠭᠡ ᠠᠰᠠᠭᠤᠳᠠᠯ ᠳᠤ ᠵᠢᠭᠠᠪᠤᠷᠢ ᠠᠪᠴᠤ ᠮᠡᠳᠡᠬᠦᠯᠦᠯᠳᠡ ᠬᠢᠬᠦ | ᠳᠦᠷᠢᠮ ᠢ ᠴᠢᠩᠭ᠎ᠠ ᠬᠡᠷᠡᠭᠵᠢᠬᠦᠯᠵᠦ᠂ ᠤᠯᠤᠰ ᠳᠦᠷᠦ ᠶᠢᠨ ᠬᠢᠨᠠᠯᠳᠠ ᠶᠢ ᠴᠢᠩᠭ᠎ᠠ ᠠᠳᠬᠤᠨ᠂ ᠪᠠᠶᠢᠭᠤᠯᠭ᠎ᠠ ᠶᠢᠨ | ᠠᠵᠢᠯ ᠤᠨ ᠰᠤᠷᠳᠠᠯ ᠢ ᠴᠢᠩᠳᠠᠯᠠᠨ᠂ ᠬᠠᠷᠢᠭᠤᠴᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠪᠠ᠃ ᠭᠤᠷᠪᠠ ᠳᠤ | ᠬᠤᠰᠢᠭᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠤᠨᠤᠯ ᠤᠨ | ᠭᠤᠤᠯᠯᠠᠬᠤ ᠳᠤᠭᠤᠶᠢᠯᠠᠩ ︵ᠦᠷᠬᠡᠳᠬᠡᠭᠰᠡᠨ︶ ᠤᠨ ᠰᠤᠷᠤᠯᠴᠠᠯᠭ᠎ᠠ ᠶᠢ ᠦᠷᠨᠢᠬᠦᠯᠵᠦ᠂ ᠪᠦᠬᠦ ᠺᠠᠳ᠋ᠷᠴᠤᠳ ᠢ | ᠵᠤᠬᠢᠶᠠᠨ ᠪᠠᠶᠢᠭᠤᠯᠤᠨ ᠬᠤᠷᠢᠳᠤᠭᠠᠷ ᠬᠤᠭᠤᠴᠠᠭᠠᠨ ᠤ ᠳᠦᠪ ᠬᠤᠷᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ | ᠶᠢᠨ ᠭᠤᠷᠪᠠᠳᠤᠭᠠᠷ ᠤᠳᠠᠭᠠᠨ ᠤ ᠪᠦᠬᠦᠳᠡ ᠬᠤᠷᠠᠯᠳᠤᠭᠠᠨ ᠤ ᠠᠵᠢᠯ ᠤᠨ ᠪᠠᠶᠢᠷᠢᠯᠠᠭᠤᠯᠤᠯᠳᠠ ᠵᠢᠴᠢ ᠬᠠᠮᠢᠶ᠎ᠠ ᠪᠦᠬᠦᠢ | ᠬᠤᠷᠠᠯ᠂ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠵᠤ᠂ ︽ᠳᠤᠮᠳᠠᠳᠤ ᠤᠯᠤᠰ | ᠤᠨ ᠡᠪ ᠬᠠᠮᠳᠤ ᠨᠠᠮ ᠤᠨ ᠰᠠᠬᠢᠯᠭ᠎ᠠ ᠪᠠᠳᠤ ᠶᠢᠨ ᠰᠢᠳᠬᠡᠯ ᠤᠨ ᠳᠦᠷᠢᠮ︾ ᠢ ᠳᠠᠷᠤᠮᠠᠯᠯᠠᠨ ᠳᠠᠷᠬᠠᠭᠠᠬᠤ ᠶᠢᠨ | ᠬᠠᠮᠳᠤ ᠳᠤᠰᠬᠠᠢ ᠰᠡᠳᠦᠪᠳᠦ ᠰᠤᠷᠤᠯᠴᠠᠯᠭ᠎ᠠ ᠰᠤᠯᠢᠯᠴᠠᠭ᠎ᠠ ᠦᠷᠨᠢᠬᠦᠯᠵᠦ᠂ ᠪᠠᠶᠢᠭᠤᠯᠭ᠎ᠠ ᠶᠢᠨ ᠪᠦᠬᠦ ᠨᠠᠮ ᠤᠨ | ᠬᠡᠰᠢᠬᠦᠨ ᠺᠠᠳ᠋ᠴᠤᠳ ᠤᠨ ︽ᠰᠠᠬᠢᠯᠭ᠎ᠠ ᠪᠠᠳᠤ ᠶᠢᠨ ᠬᠦᠪᠴᠢ︾ ᠶᠢ ᠴᠠᠭ ᠢᠮᠠᠭᠳᠠ ᠴᠢᠩᠭᠠᠯᠠᠬᠤ ᠶᠢ ᠱᠠᠭᠠᠷᠳᠠᠨ | ᠠᠬᠢᠭᠤᠯᠪᠠ᠃ ᠳᠦᠷᠪᠡ ᠳᠤ᠂ ᠨᠡᠶᠢᠳᠡᠯᠢᠭ ᠵᠢᠱᠢᠶ᠎ᠡ ᠪᠠᠷ ᠬᠠᠥᠯᠢ ᠶᠢ ᠳᠠᠶᠢᠯᠪᠤᠷᠢᠯᠠᠵᠤ᠂ ᠬᠠᠥᠯᠢ ᠰᠠᠬᠢᠯᠭ᠎ᠠ ᠠᠴᠠ | ᠵᠦᠷᠢᠴᠡᠭᠰᠡᠨ ᠬᠠᠮᠢᠶ᠎ᠠ ᠪᠦᠬᠦᠢ ᠨᠡᠶᠢᠳᠡᠯᠢᠭ ᠵᠢᠱᠢᠶ᠎ᠡ ᠶᠢ ᠴᠠᠭ ᠳᠤᠬᠠᠢ ᠳᠤ ᠨᠢ ᠰᠤᠷᠤᠯᠴᠠᠨ ᠤᠯᠠᠮᠵᠢᠯᠠᠵᠤ᠂ | ᠰᠡᠷᠡᠮᠵᠢᠯᠡᠬᠦᠯᠦᠯ ᠬᠦᠮᠦᠵᠢᠯ ᠤᠨ ᠹᠢᠯᠢᠮ ᠢ ᠵᠤᠬᠢᠶᠠᠨ ᠪᠠᠶᠢᠭᠤᠯᠤᠯᠳᠠ ᠲᠠᠢ ᠪᠠᠷ ᠳᠦᠪᠯᠡᠷᠡᠬᠦᠯᠦᠨ ᠰᠤᠷᠤᠯᠴᠠᠭᠤᠯᠵᠤ᠂ | ᠳᠡᠷᠬᠡᠳᠡᠬᠢ ᠬᠡᠷᠡᠭ ᠤᠨ ᠵᠢᠱᠢᠶ᠎ᠡ ᠪᠠᠷ ᠳᠡᠷᠬᠡᠳᠡᠬᠢ ᠬᠦᠮᠦᠰ ᠢᠶᠠᠨ ᠰᠡᠷᠡᠮᠵᠢᠯᠡᠬᠦᠯᠦᠨ᠂ ᠪᠠᠶᠢᠩᠭᠤ ᠶᠢᠨ ᠬᠤᠷᠢᠶ᠎ᠠ ᠶᠢᠨ | ᠪᠠᠶᠢᠭᠤᠯᠭ᠎ᠠ ᠶᠢᠨ ᠺᠠᠳ᠋ᠷᠴᠤᠳ ᠲᠤ ᠬᠤᠷᠢᠭ᠎ᠠ ᠱᠤᠭᠤᠮ ᠠᠴᠠ ᠳᠠᠪᠠᠭ᠋ᠤ ᠦᠬᠡᠢ᠂ ᠬᠤᠷᠢᠭ᠎ᠠ ᠱᠤᠭᠤᠮ ᠢ ᠬᠦᠨᠳᠡᠬᠦ | ᠦᠬᠡᠢ ᠪᠠᠶᠢᠬᠤ ᠶᠢ ᠴᠠᠭ ᠢᠮᠠᠭᠳᠠ ᠰᠠᠨᠠᠭᠤᠯᠤᠨ ᠰᠡᠷᠡᠮᠵᠢᠯᠡᠬᠦᠯᠪᠡ᠃ | ᠬᠠᠥᠯᠢ ᠰᠠᠬᠢᠯᠭ᠎ᠠ ᠶᠢᠨ ᠰᠤᠷᠤᠯᠴᠠᠯᠭ᠎ᠠ ᠶᠢ ᠴᠢᠬᠤᠯᠠᠴᠢᠯᠠᠵᠤ᠂ ᠪᠤᠯᠪᠠᠰᠤᠨ ᠢᠶᠠᠷ ᠴᠢᠬᠡᠴᠢ ᠶᠢ | ᠬᠦᠮᠦᠵᠢᠬᠦᠯᠬᠦ ᠶᠢ ᠴᠢᠩᠳᠠᠯᠠᠪᠠ | ᠨᠢᠬᠡ ᠳᠤ᠂ ︽ᠨᠢᠬᠡᠳᠦᠬᠡᠷ ᠵᠦᠪᠯᠡᠬᠦ ᠰᠡᠳᠦᠪ︾ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠨᠤᠯ | ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠳᠦᠷᠦᠭᠦᠯᠡᠨ᠂ ᠨᠠᠮ ᠤᠨ ᠡᠬᠦᠷ ᠤᠨ ︽ᠭᠤᠷᠪᠠᠨ ᠬᠤᠷᠠᠯ ᠨᠢᠬᠡ | ᠬᠢᠴᠢᠶᠡᠯ︾᠂ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠬᠢᠴᠢᠶᠡᠯ ᠤᠨ ᠳᠠᠩᠬᠢᠮ᠂ ᠵᠠᠯᠠᠭᠤ ᠺᠠᠳ᠋ᠷᠴᠤᠳ | ᠤᠨ ᠶᠠᠷᠢᠶ᠎ᠠ ᠳᠠᠶᠢᠯᠤᠮᠵᠢ ᠵᠡᠷᠬᠡ ᠤᠨᠴᠠᠯᠢᠭᠳᠤ ᠪᠠᠶᠢᠭᠤᠯᠭ᠎ᠠ ᠶᠢᠨ ᠤᠨᠤᠯ ᠤᠨ ᠵᠡᠪᠰᠡᠭᠯᠡᠯ ᠤᠨ ᠬᠡᠪ ᠪᠠᠶᠢᠳᠠᠯ ᠢ ᠪᠤᠢ | ᠪᠤᠯᠭᠠᠵᠤ᠂ ᠤᠨᠤᠯ ᠢᠶᠠᠷ ᠦᠢᠯᠡᠳᠦᠯᠬᠡ ᠪᠠᠨ ᠵᠢᠯᠤᠭᠤᠳᠤᠭᠤᠯᠬᠤ ᠶᠢ ᠠᠬᠢᠭᠤᠯᠪᠠ᠃ ᠬᠤᠶᠠᠷ ᠲᠤ᠂ ᠬᠠᠥᠯᠢ | ᠰᠠᠬᠢᠯᠭ᠎ᠠ ᠶᠢᠨ ᠬᠦᠮᠦᠵᠢᠯ ᠢ ᠴᠢᠩᠭᠠᠳᠬᠠᠨ᠂ ᠨᠠᠮ ᠤᠨ ᠳᠤᠭᠤᠶᠢᠯᠠᠩ ᠤᠨ ᠱᠦᠵᠢ ᠰᠠᠬᠢᠯᠭ᠎ᠠ ᠪᠠᠳᠤ ᠶᠢᠨ ᠨᠠᠮ ᠤᠨ | ᠬᠢᠴᠢᠶᠡᠯ ᠳᠠᠶᠢᠯᠤᠮᠵᠢ ᠬᠢᠬᠦ ᠠᠵᠢᠯᠯᠠᠭᠠᠨ ᠢ ᠯᠠᠪᠳᠠᠭᠤᠨ ᠪᠠᠳᠤᠳᠠᠢ ᠦᠷᠨᠢᠬᠦᠯᠵᠦ᠂ ᠠᠷᠠᠳ ᠤᠨ ᠳᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠭᠤᠯᠭ᠎ᠠ ᠶᠢᠨ ᠺᠠᠳ᠋ᠷᠴᠤᠳ ᠤᠨ ᠬᠠᠥᠯᠢ ᠰᠤᠷᠬᠤ ᠬᠠᠥᠯᠢ ᠬᠡᠷᠡᠭᠯᠡᠬᠦ ᠬᠠᠥᠯᠢ ᠰᠠᠬᠢᠬᠤ | ᠤᠬᠠᠮᠰᠠᠷ ᠢ ᠤᠯᠠᠮ ᠨᠢᠬᠡ ᠠᠯᠬᠤᠮ ᠴᠢᠩᠭᠠᠳᠬᠠᠵᠤ᠂ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ | ᠰᠢᠰᠲ᠋ᠧᠮ ᠤᠨ ᠠᠷᠢᠭᠤᠨ ᠴᠢᠬᠡᠴᠢ ᠪᠠᠷ ᠠᠵᠢᠯ ᠳᠤ ᠪᠠᠨ ᠭᠠᠪᠰᠢᠭᠠᠶᠢᠯᠠᠵᠤ ᠦᠢᠯᠡᠰ ᠪᠦᠳᠦᠬᠡᠬᠦ ᠤᠬᠢ ᠤᠷᠴᠢᠨ ᠢ | ᠪᠤᠢ ᠪᠤᠯᠭᠠᠪᠠ᠃ ᠭᠤᠷᠪᠠ ᠳᠤ᠂ ᠵᠠᠯᠠᠭᠤᠴᠤᠳ ᠤᠨ ᠤᠨᠤᠯ ᠤᠨ ᠰᠤᠷᠤᠯᠴᠠᠯᠭ᠎ᠠ ᠶᠢ ᠳᠡᠬᠡᠭᠰᠢᠯᠡᠬᠦᠯᠬᠦ ᠢᠨᠵᠧᠨᠧᠷᠢᠩ ᠢ | ᠬᠡᠷᠡᠭᠵᠢᠬᠦᠯᠵᠦ᠂ ︽ᠤᠭ ᠵᠤᠬᠢᠶᠠᠯ ᠢ ᠤᠩᠰᠢᠬᠤ᠂ ᠤᠭ ᠵᠤᠬᠢᠶᠠᠯ ᠢ ᠰᠤᠷᠤᠯᠴᠠᠬᠤ᠂ ᠤᠭ ᠶᠤᠰᠤ ᠶᠢ ᠤᠬᠠᠬᠤ︾ | ᠠᠵᠢᠯᠯᠠᠭᠠᠨ ᠢ ᠦᠷᠨᠢᠬᠦᠯᠵᠦ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ | ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢᠨ ᠳᠤᠰᠬᠠᠢ ᠰᠡᠳᠦᠪᠳᠦ ᠳᠡᠬᠦᠪᠦᠷᠢ︾ ᠵᠡᠷᠬᠡ ᠤᠨᠴᠠᠯᠢᠭᠳᠤ ᠵᠢᠭᠠᠬᠤ | ᠮᠠᠲ᠋ᠧᠷᠢᠶᠠᠯ ᠢ ᠰᠠᠶᠢᠳᠤᠷ ᠰᠤᠷᠤᠯᠴᠠᠨ ᠪᠦᠳᠦᠮᠵᠢᠳᠠᠢ ᠬᠡᠷᠡᠭᠯᠡᠵᠦ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ | ᠤᠨ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠨ᠂ ᠰᠢᠨ᠎ᠡ ᠴᠠᠭ ᠦᠶ᠎ᠡ ᠶᠢᠨ ᠠᠷᠠᠳ ᠤᠨ ᠳᠦᠯᠦᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠳᠠᠰᠤᠷᠠᠯᠳᠠ ᠦᠬᠡᠢ ᠰᠢᠨ᠎ᠡ | ᠴᠢᠷᠮᠠᠶᠢᠯᠭ᠎ᠠ ᠭᠠᠷᠭᠠᠵᠤ᠂ ᠰᠢᠨ᠎ᠡ ᠪᠦᠳᠦᠮᠵᠢ ᠡᠬᠦᠳᠬᠦ ᠶᠢ ᠤᠷᠮᠠᠰᠢᠭᠤᠯᠤᠨ ᠳᠠᠶᠢᠴᠢᠯᠠᠪᠠ᠃ | | ᠤᠯᠠᠭᠠᠨᠬᠠᠳᠠ ᠬᠤᠳᠠ ᠶᠢᠨ ᠠᠷᠦ ᠬᠤᠷᠴᠢᠨ ᠬᠤᠰᠢᠭᠤᠨ ᠤ ᠠᠷᠠᠳ ᠤᠨ | ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠨᠠᠰᠤᠨᠪᠠᠶᠠᠷ᠂ ᠨᠢᠤ ᠭᠤᠸᠠᠨ ᠨᠠᠠ ᠡᠬᠡ ᠪᠢᠴᠢᠭ ᠬᠠᠩᠭᠠᠪᠠ | ᠬᠠᠷᠢᠯᠴᠠᠬᠤ ᠤᠳᠠᠰᠤ᠄ 13847601070 |