ᠱᠤᠣ ᠪᠠᠯᠭᠠᠰᠤ᠄ ᠠᠷᠠᠳ ᠲᠤ ᠪᠣᠳᠠᠲᠤ ᠶᠠᠪᠤᠳᠠᠯ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/8/26
       ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ ᠪᠠᠶᠢᠳᠠᠭ᠃ ᠣᠶᠢᠷ᠎ᠠ ᠶᠢᠨ ᠵᠢᠯ ᠳᠤ᠂ ᠱᠤᠣᠤ ᠪᠡᠯᠭᠠᠰᠤ ︽ᠬᠥᠲᠡᠭᠡ ᠲᠣᠰᠬᠤᠨ ᠤ ᠵᠤᠷᠯᠤᠩ ᠢ ᠦᠭᠡᠷᠡᠴᠢᠯᠡᠬᠦ︾ ᠠᠷᠠᠳ ᠤᠨ ᠠᠮᠢᠳᠤᠷᠠᠯ ᠤᠨ ᠢᠨᠵᠧᠨᠧᠷᠢᠩ ᠢ ᠴᠢᠩᠭ᠎ᠠ ᠠᠣᠡᠬᠤᠨ ᠪᠣᠳᠠᠲᠠᠢ ᠠᠣᠡᠬᠤᠵᠤ᠂ ︽ᠵᠢᠵᠢᠭ ᠵᠤᠷᠯᠤᠩ︾ ᠢ ᠰᠠᠶᠢᠲᠤᠷ ᠪᠠᠶᠢᠭᠤᠯᠵᠤ ᠣᠷᠴᠢᠨ ᠲᠣᠭᠤᠷᠢᠨ  ᠢ ︽ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ︾ ᠪᠠᠶᠢᠯᠭᠠᠬᠤ ᠶᠢ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠤᠩᠭᠡᠶᠢᠯᠠᠨ ᠴᠡᠭᠴᠡᠯᠡᠨ ᠵᠠᠰᠠᠬᠤ ᠶᠢᠨ ᠰᠢᠪᠲᠦᠯᠤᠯᠲᠡ ᠶᠢᠨ ᠴᠡᠭ ᠪᠣᠯᠭᠠᠨ ᠠᠳᠬᠤᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠠᠷᠠᠳ ᠤᠨ ᠠᠮᠢᠳᠤᠷᠠᠯ ᠤᠨ ᠲᠤᠳᠠᠭᠤᠳᠠᠯ ᠢ ᠨᠦᠬᠦᠪᠣᠷᠢᠯᠡᠵᠤ᠂ ᠡᠷᠦᠭᠡ ᠶᠢᠨ ᠵᠤᠷᠯᠦᠩ ᠢ ᠰᠠᠶᠢᠲᠦᠷ ᠪᠠᠶᠢᠭᠤᠯᠵᠤ᠂  ᠰᠠᠶᠢᠲᠦᠷ  ᠬᠠᠮᠢᠶᠠᠷᠴᠦ  ᠂  ᠰᠠᠶᠢᠲᠦᠷ  ᠬᠡᠷᠡᠭᠯᠡᠵᠦ᠂ ᠵᠣᠷᠯᠤᠩ ᠤᠨ ︽ᠪᠠᠭ᠎ᠠ ᠥᠭᠡᠷᠡᠴᠢᠯᠡᠯᠲᠠ︾ ᠪᠠᠷ ᠬᠥᠲᠡᠭᠡ ᠲᠤᠰᠬᠤᠨ ᠤ ᠠᠮᠢᠳᠤᠷᠠᠯ ᠤᠨ ︽ᠶᠡᠭᠡ ᠪᠣᠯᠪᠠᠰᠤᠨ︾ ᠢ ᠬᠦᠴᠦᠯᠠᠨ ᠠᠬᠢᠭᠤᠯᠪᠠ᠃
       ᠱᠤᠣ ᠪᠠᠯᠭᠠᠰᠤᠨ ᠤ ᠠᠬᠢᠨᠰᠦ᠋ᠮ᠎ᠡ ᠭᠠᠴᠠᠭᠠᠨ ᠤ ᠠᠷᠠᠳ ᠬᠦᠩ ᠰᠢᠤᠸᠠᠢ ᠹᠸᠡᠭ ᠤᠨ ᠳᠤ ᠬᠦᠷᠬᠦ ᠳᠤ᠂ ᠬᠦᠷᠢᠶ᠎ᠡ ᠬᠠᠰᠢᠶ᠎ᠡ ᠨᠢ ᠴᠡᠪᠡᠷ ᠴᠡᠮᠴᠡᠭᠡᠷ᠂ ᠣᠷᠣᠨ ᠰᠠᠭᠤᠴᠠ ᠨᠢ ᠲᠥᠬᠦᠮ ᠲᠣᠬᠢᠯᠢᠭ ᠪᠥᠭᠡᠳ ᠶᠠᠭᠤᠮ᠎ᠠ ᠬᠡᠣᠮ᠎ᠠ  ᠪᠠᠨ ᠡᠮᠬᠢ ᠵᠠᠮᠪᠠᠷᠠᠭ᠎ᠠ ᠲᠠᠢ ᠲᠠᠯᠪᠢᠴᠢᠬᠠᠡᠡᠰᠡᠨ ᠠᠴᠠ ᠵᠢᠵᠢᠭ ᠬᠦᠷᠢᠶ᠎ᠡ ᠨᠢ ᠣᠨᠴᠠ ᠶᠢᠨ ᠢᠯᠡ ᠲᠠᠢ ᠬᠠᠷᠠᠭᠳᠠᠨ᠋᠎ᠠ᠃ ᠰᠢᠨ᠎ᠡ ᠪᠠᠷ ᠪᠠᠶᠢᠭᠤᠯᠤᠭᠰᠠᠨ ᠠᠷᠢᠭᠤᠨ ᠴᠠᠪᠡᠷ ᠤᠨ ᠲᠠᠰᠣᠯᠭ᠎ᠠ ᠳᠤ᠂ ᠱᠠᠭᠠᠵᠠᠩ ᠲᠣᠭᠤᠰᠬ᠎ᠠ ᠶᠢᠨ ᠬᠡᠷᠡᠮ ᠲᠠᠢ᠂ ᠣᠶᠤᠨᠲᠤ ᠮᠠᠶ᠋ᠢᠭ ᠤᠨ ᠤᠰᠣ ᠲᠠᠳᠠᠬᠤ ᠵᠤᠷᠯᠦᠩ᠂ ᠨᠢᠭᠤᠷ ᠤᠬᠢᠶᠠᠬᠤ ᠫᠧᠩᠰᠡ᠂ ᠰᠦᠷᠴᠢᠭᠦᠷ ᠤᠭᠢᠶᠠᠯᠭ᠎ᠠ ᠶᠢᠨ ᠲᠦᠬᠦᠭᠡᠷᠤᠮᠵᠢ ᠨᠢ ᠪᠦᠷᠢᠨ ᠬᠦᠢᠴᠡᠳ ᠲᠠᠯᠪᠢᠵᠡᠢ᠃ ︽ᠵᠠᠰᠠᠭ ᠤᠨ ᠣᠷᠳᠣᠨ ᠠᠴᠠ ᠪᠢᠳᠡᠨ ᠳᠤ ᠡᠶᠢᠮᠦ ᠰᠠᠶᠢᠨ ᠲᠥᠷᠦᠯ ᠵᠦᠢᠯ ᠢ ᠣᠯᠵᠤ ᠥᠭᠭᠦᠭᠰᠡᠨ ᠳᠤ ᠲᠠᠯᠠᠷᠬᠠᠵᠤ ᠪᠠᠶᠢᠨ᠋᠎ᠠ᠂ ᠣᠳᠣ ᠵᠣᠷᠯᠣᠩ ᠳᠤ ᠣᠷᠣᠬᠤ ᠳᠤ ᠮᠠᠰᠢ ᠲᠥᠬᠦᠮ ᠪᠣᠯᠵᠠᠢ᠂ ᠭᠦᠢᠲᠡᠨ ᠡᠪᠦᠯ ᠨᠠᠰᠤᠲᠠᠨ ᠪᠣᠯᠣᠨ ᠬᠡᠦᠬᠡᠳ ᠭᠠᠳᠠᠭ᠎ᠠ ᠭᠠᠷᠴᠤ ᠵᠣᠷᠯᠣᠩ ᠳᠤ ᠣᠷᠣᠬᠤ ᠴᠢᠬᠤᠯᠠ ᠦᠭᠡᠢ᠂ ᠬᠡᠷᠡᠭᠯᠡᠬᠦ ᠳᠤ ᠴᠡᠪᠡᠷᠭᠡᠨ ᠮᠥᠷᠲᠡᠭᠡᠨ ᠠᠷᠢᠭᠤᠨ ᠴᠡᠪᠡᠷ᠂ ᠦᠨᠡᠭᠡᠷ ᠲᠥᠬᠦᠮ ᠪᠣᠯᠵᠠᠢ︾ ᠭᠡᠵᠦ ᠬᠦᠩ ᠰᠢᠤᠸᠠᠢ ᠹᠸᠡᠭ ᠰᠡᠳᠬᠢᠯ ᠬᠠᠨᠤᠮᠵᠢᠲᠡᠢ ᠬᠡᠯᠡᠨ᠎ᠡ᠃
       ᠣᠶᠢᠷ᠎ᠠ ᠳᠤ᠂ ᠱᠣᠤ ᠪᠠᠯᠭᠠᠰᠤᠨ ᠤ ᠪᠠᠶᠠᠨᠭᠤᠣᠯ ᠭᠠᠴᠠᠭ᠎ᠠ ᠶᠢᠨ ᠠᠯᠳᠠᠨᠪᠠᠭᠠᠨ᠎ᠠ ᠶᠢᠨ ᠳᠤ ᠬᠦᠷᠬᠦ ᠳᠤ᠂ ᠠᠵᠢᠯᠴᠢᠳ ᠶᠠᠭ ᠰᠠᠶᠢᠬᠠᠨ ᠰᠢᠨ᠎ᠡ ᠪᠠᠶᠢᠭᠤᠯᠤᠭᠰᠠᠨ ᠵᠤᠷᠯᠤᠩ ᠤᠨ ᠭᠡᠷ ᠤᠨ ᠭᠠᠳᠠᠨᠠᠬᠢ ᠳᠡᠭᠰᠢᠯᠠᠨ ᠵᠠᠰᠠᠬᠤ ᠠᠵᠢᠯ ᠬᠢᠭᠡᠳ ᠶᠠᠭᠠᠷᠠᠯᠳᠤᠵᠤ ᠪᠠᠶᠢᠯ᠎ᠠ᠂ ᠤᠳᠠᠯ ᠦᠭᠡᠢ ᠵᠠᠰᠠᠵᠤ ᠲᠠᠭᠤᠰᠬᠤ ᠭᠡᠵᠤ ᠪᠠᠶᠢᠭ᠎ᠠ ᠵᠤᠷᠯᠤᠩ ᠢ ᠬᠠᠷᠠᠭᠠᠳ ᠠᠯᠳᠠᠨᠪᠠᠭᠠᠨ᠎ᠠ ᠪᠠᠶᠠᠷᠯᠠᠭᠠᠳ ᠮᠣᠬᠤᠰᠢ ᠦᠭᠡᠢ ᠪᠠᠶᠢᠪᠠ᠃ ︽ᠵᠠᠰᠠᠭ ᠤᠨ ᠣᠷᠳᠣᠨ ᠠᠴᠠ ᠪᠢᠳᠠᠨ ᠢ ᠬᠠᠪᠰᠤᠷᠴᠤ ᠵᠤᠷᠯᠤᠩ ᠢ ᠵᠠᠰᠠᠵᠤ ᠥᠭᠭᠦᠭᠰᠡᠨ ᠨᠢ ᠦᠨᠡᠨ ᠰᠠᠶᠢᠨ ᠶᠠᠪᠤᠳᠠᠯ ᠠ᠋᠂ ᠥᠩᠭᠡᠷᠡᠭᠰᠡᠨ ᠤ ᠬᠠᠭᠤᠴᠢᠨ ᠵᠤᠷᠯᠤᠩ ᠨᠢ ᠠᠭᠤᠷ ᠠᠮᠢᠰᠬᠤᠯ ᠬᠠᠯᠠᠭᠤᠨ ᠪᠣᠯᠣᠭᠰᠠᠭᠠᠷ ᠯᠠ ᠥᠨᠦᠷ ᠲᠠᠨᠢᠷ ᠭᠠᠷᠴᠣ᠂ ᠢᠯᠠᠭ᠎ᠠ ᠰᠢᠮᠠᠭᠤᠯ ᠴᠤᠭᠯᠠᠷᠠᠭᠠᠳ᠂ ᠬᠡᠦᠬᠡᠳ ᠤᠳ ᠬᠠᠷᠢᠵᠤ ᠢᠷᠡᠭᠡᠳ ᠪᠦᠷ ᠵᠣᠷᠯᠤᠩ ᠳᠤ ᠣᠷᠣᠵᠤ ᠲᠠᠣᠡᠬᠤ ᠦᠭᠡᠢ᠂ ᠣᠳᠣ ᠰᠠᠶᠢᠨ ᠪᠣᠯᠣᠭᠰᠠᠨ᠂ ᠬᠡᠷᠡᠭᠯᠡᠵᠦ ᠪᠠᠷᠠᠮᠠᠭᠴᠠ   ᠴᠡᠪᠡᠷᠯᠡᠴᠢᠬᠡᠨ᠎ᠡ᠂ ᠡᠨᠡ ᠡᠪᠦᠯ ᠲᠠᠬᠢᠵᠦ ᠬᠠᠯᠠ ᠠᠮᠰᠠᠬᠤ ᠦᠭᠡᠢ ᠪᠣᠯᠤᠭᠰᠠᠨ︾ ᠭᠡᠵᠦ ᠪᠠᠶᠠᠷᠲᠠᠢ ᠬᠡᠯᠡᠨ᠎ᠡ᠃
       ᠵᠤᠷᠯᠤᠩ ᠤᠨ ᠦᠭᠡᠷᠡᠴᠢᠯᠡᠯᠲᠡ ᠶᠢᠨ ᠠᠵᠢᠯ ᠢ ᠪᠦᠬᠦ ᠬᠦᠴᠦᠨ ᠢᠶᠠᠷ ᠠᠬᠢᠭᠤᠯᠬᠤ ᠶᠢᠨ ᠲᠥᠯᠥᠭᠡ᠂ ᠱᠣᠤ ᠪᠠᠯᠭᠠᠰᠤ ᠶᠢᠨ ᠬᠢᠨ ᠭᠠᠵᠡᠷ ᠰᠢᠷᠣᠢ ᠶᠢ ᠭᠠᠮᠨᠠᠨ ᠬᠡᠷᠡᠭᠯᠡᠬᠦ᠂ ᠭᠷᠡᠭᠯᠡᠬᠦ ᠳᠤ  ᠲᠥᠬᠦᠮ  ᠪᠠᠶᠢᠬᠤ  ᠵᠠᠷᠴᠢᠮ   ᠢ  ᠪᠠᠷᠢᠮᠲᠠᠯᠠᠵᠤ᠂ ᠭᠠᠵᠡᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠡᠷᠦᠭᠡ ᠶᠢᠨ ᠪᠠᠶᠢᠳᠠᠯ ᠳᠤᠨᠢ ᠲᠣᠬᠢᠷᠠᠭᠤᠯᠬᠤ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠨᠢᠭᠡ ᠡᠷᠦᠭᠡ ᠶᠢᠨ ᠵᠤᠷᠯᠤᠩ ᠢ ᠰᠢᠨᠡᠳᠬᠡᠨ ᠦᠭᠡᠷᠡᠴᠢᠯᠡᠪᠡᠯ᠂ ᠠᠰᠢᠡᠡᠯᠠᠯᠳᠡ ᠳᠤ ᠣᠷᠣᠭᠤᠯᠵᠤ ᠬᠠᠨᠤᠮᠵᠢᠲᠡᠢ ᠪᠣᠯᠭᠠᠬᠤ ᠶᠢ ᠪᠠᠲᠤᠯᠠᠬᠤ ᠶᠢᠨ ᠲᠥᠯᠥᠭᠡ ᠦᠭᠡᠷᠡᠴᠢᠯᠡᠬᠦ ᠡᠷᠦᠭᠡ ᠶᠢ ᠪᠥᠬᠦ ᠶᠠᠪᠤᠴᠠ ᠳᠤ ᠣᠷᠣᠯᠴᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠢ  ᠰᠠᠨᠠᠭᠠᠴᠢᠯᠠᠭ᠎ᠠ ᠠᠴᠠ ᠪᠠᠨ ᠬᠢᠨᠠᠨ ᠬᠠᠮᠢᠶᠠᠷᠴᠤ᠂ ᠪᠠᠷᠢᠯᠭ᠎ᠠ ᠶᠢᠨ ᠲᠠᠯ᠎ᠠ ᠶᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠴᠢᠩᠭ᠎ᠠ ᠵᠢᠷᠤᠮᠯᠠᠨ ᠠᠵᠢᠯᠯᠠᠵᠤ᠂ ᠰᠢᠨ᠎ᠡ ᠪᠠᠷ ᠪᠠᠶᠢᠭᠤᠯᠤᠭᠰᠠᠨ ᠵᠣᠷᠯᠦᠩ ᠢ ᠬᠡᠷᠡᠭᠯᠡᠬᠦ ᠳᠤ ᠰᠠᠶᠢᠨ᠂ ᠬᠡᠷᠡᠭᠯᠡᠭᠡᠨ ᠤ ᠥᠷᠳᠡᠭ ᠦᠡᠳᠣᠷ᠂ ᠬᠡᠷᠡᠭᠯᠡᠬᠦ ᠳᠤ ᠲᠤᠬᠢᠷᠡᠮᠵᠢᠲᠡᠢ᠂ ᠪᠦᠭᠡᠯᠢᠭ ᠪᠠᠶᠢᠬᠤ ᠶᠢ ᠪᠠᠲᠤᠯᠡᠪᠠ᠃ ᠵᠤᠷᠯᠦᠩ ᠤᠨ ᠦᠭᠡᠷᠡᠴᠢᠯᠡᠯᠲᠡ ᠶᠢ ᠨᠢᠭᠡᠨᠳᠡ ᠬᠢᠭᠰᠡᠨ ᠡᠷᠦᠭᠡ ᠳᠤ ᠲᠣᠭᠳᠠᠮᠠᠯ ᠪᠤᠰᠤ  ᠬᠤᠭᠤᠴᠠᠭ᠎ᠠ ᠲᠠᠢ ᠪᠠᠷ ︽ᠡᠷᠭᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠡᠷᠦᠭᠡ ᠪᠦᠷᠢ ᠶᠢᠨ ᠵᠣᠷᠯᠦᠩ ᠢ ᠴᠥᠮ ᠬᠡᠪ ᠤᠨ ᠪᠠᠶᠢᠳᠡᠯ ᠢᠶᠠᠷ ᠬᠡᠷᠡᠭᠯᠡᠬᠦ ᠶᠢ ᠪᠠᠲᠤᠯᠠᠵᠤ᠂ ᠵᠢᠵᠢᠭ ᠵᠣᠷᠯᠤᠩ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠠᠷᠠᠳ ᠤᠨ ᠠᠮᠢᠳᠤᠷᠠᠯ ᠤᠨ ᠵᠣᠯ ᠵᠢᠷᠭᠠᠯᠲᠤ ᠪᠣᠳᠠᠲᠤ ᠶᠠᠪᠤᠳᠠᠯ ᠪᠣᠯᠭᠠᠨ ᠬᠤᠪᠢᠷᠠᠭᠤᠯᠬᠤ ᠪᠠᠷ ᠴᠢᠷᠮᠠᠶᠢᠪᠠ᠃ ᠤᠳᠣ ᠪᠣᠯᠲᠠᠯ᠎ᠠ᠂ 1129 ᠡᠷᠦᠭᠡ ᠶᠢᠨ ᠵᠤᠷᠯᠦᠩ ᠤᠨ ᠦᠭᠡᠷᠡᠴᠢᠯᠡᠯᠲᠠ ᠶᠢ ᠨᠢᠭᠡᠨᠲᠡ ᠪᠡᠶᠡᠯᠡᠭᠦᠯᠵᠦ᠂ 390 ᠡᠷᠦᠭᠡ ᠶᠢᠨ ᠵᠣᠷᠯᠦᠩ ᠤᠨ ᠥᠭᠡᠷᠡᠴᠢᠯᠡᠯᠲᠡ ᠶᠢᠨ ᠠᠵᠢᠯ ᠢ ᠶᠠᠭ ᠡᠮᠬᠢ ᠵᠢᠷᠤᠮ  ᠲᠠᠢ ᠶᠠᠪᠤᠭᠳᠠᠭᠤᠯᠵᠦ ᠪᠠᠶᠢᠨ᠎ᠠ᠂ ᠵᠢᠱᠢᠯᠲᠡ ᠪᠠᠷ 10 ᠰᠠᠷ᠎ᠠ ᠶᠢᠨ ᠰᠡᠭᠦᠯᠴᠢ ᠪᠠᠷ ᠪᠥᠬᠦ ᠲᠠᠯ᠎ᠠ ᠪᠠᠷ ᠪᠠᠶᠢᠭᠤᠯᠵᠤ ᠲᠠᠭᠤᠰᠬᠠᠭᠠᠣᠨ ᠠᠰᠢᠭᠯᠠᠯᠲᠠ ᠳᠤ ᠣᠷᠣᠭᠤᠯᠬᠤ ᠪᠣᠯᠣᠨ᠎ᠠ᠃
       ᠱᠣᠣ ᠪᠡᠯᠭᠠᠰᠤ ᠵᠤᠷᠯᠤᠩ ᠢ ᠥᠭᠡᠷᠡᠴᠢᠯᠡᠬᠦ ᠪᠠᠷ ᠳᠡᠮᠵᠢᠨ᠂ ᠠᠷᠠᠳ ᠲᠤ ᠪᠣᠳᠠᠲᠤ ᠶᠠᠪᠤᠳᠠᠯ ᠬᠢᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠬᠥᠭᠵᠢᠯᠲᠡ ᠶᠢᠨ ᠲᠦᠷᠰᠦ ᠪᠠᠶᠢᠳᠠᠯ ᠢ ᠦᠭᠡᠷᠡᠴᠢᠯᠡᠵᠦ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠦᠭᠰᠡᠨ ᠶᠤᠮ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号