ᠠᠷᠤ ᠬᠤᠷᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠲᠡᠬᠢᠨ ᠳᠡᠭᠡᠭᠰᠢᠯᠡᠭᠦᠯᠬᠦ ᠠᠵᠢᠯ ᠢ ᠭᠦᠨᠵᠡᠭᠡᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/8/26
       ᠮᠠᠨ ᠤ ᠬᠤᠰᠢᠭᠤᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠥᠪᠰᠢᠨ ᠢ ᠪᠦᠬᠦᠯᠢ ᠴᠤᠭᠴᠠ ᠪᠠᠷ ᠳᠡᠭᠡᠭᠰᠢᠯᠡᠭᠦᠯᠬᠦ ᠪᠠ ᠬᠥᠭᠵᠢᠭᠦᠯᠬᠦ ᠶᠢ ᠠᠬᠢᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠨᠠᠶᠢᠭᠡᠮ ᠨᠠᠶᠢᠳᠠ ᠬᠠᠨᠤᠮᠵᠢᠲᠠᠢ᠂ ᠭᠡᠷ ᠤᠨ ᠠᠬᠠᠮᠠᠳ ᠰᠠᠨᠠᠭ᠎ᠠ ᠠᠮᠤᠷ ᠰᠤᠷᠭᠠᠨ ᠬᠥᠮᠦᠵᠢᠯ ᠢ ᠦᠨᠡᠨ ᠬᠦ ᠪᠡᠶᠡᠯᠡᠭᠦᠯᠬᠦ ᠶᠢᠨ ᠲᠥᠯᠥᠭᠡ᠂ ᠠᠷᠤ ᠬᠤᠷᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠡ ᠦᠷᠭᠦᠯᠵᠢᠯᠡᠨ ᠬᠦᠴᠦᠯᠡᠵᠦ᠂ ᠣᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ  ᠪᠠᠶᠢᠭᠤᠯᠬᠤ᠂ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠬᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ︽ᠢᠯᠡ ᠪᠠᠷ ᠠᠩᠭᠢ ᠬᠤᠪᠢᠶᠠᠬᠤ︾ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃
       ︽ᠭᠤᠷᠪᠠ ᠶᠢ ᠴᠢᠩᠭᠠᠳᠬᠠᠬᠤ︾ ᠶᠢ ᠲᠣᠪᠣᠶᠢᠯᠭᠠᠨ᠂ ︽ᠭᠤᠷᠪᠠᠨ ᠵᠦᠢᠯ ᠤᠨ ᠲᠤᠭᠳᠠᠴᠠ︾ ᠶᠢ ᠪᠠᠶᠢᠭᠤᠯᠵᠤ᠂ ︽ᠭᠤᠷᠪᠠ ᠶᠢ ᠲᠡᠭᠡᠭᠰᠢᠯᠡᠭᠦᠯᠬᠦ︾ ᠪᠠᠷ ᠴᠢᠷᠮᠠᠶᠢᠨ ᠠᠵᠢᠯᠯᠡᠪᠠ᠃ ᠬᠠᠮᠢᠶᠠᠷᠤᠯᠲᠠ ᠶᠢᠨ ᠲᠠᠯ᠎ᠠ ᠶᠢᠨ ︽ᠭᠤᠷᠪᠠᠨ ᠭᠤᠷᠪᠠ︾ ᠪᠠ ᠬᠢᠨᠠᠨ ᠵᠢᠯᠣᠭᠤᠣᠡᠬᠤ ᠲᠠᠯ᠎ᠠ ᠶᠢᠨ ︽ᠲᠠᠪᠤᠨ ᠨᠢᠭᠡ︾ ᠪᠠᠷ ᠠᠷᠭ᠎ᠠ ᠬᠡᠮᠵᠢᠶ᠎ᠡ ᠪᠣᠯᠭᠠᠨ᠂ ᠶᠣᠰᠣ ᠰᠣᠷᠳᠡᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠭᠤᠯᠢ  ᠶᠢᠨ ᠬᠠᠮᠢᠶᠠᠷᠦᠯᠲᠠ᠂ ᠡᠩᠨᠡᠭᠡᠨ ᠤ ᠪᠠᠶᠢᠭᠤᠯᠤᠯᠲᠠ ᠪᠠ ︽ᠳᠠᠪᠤᠨ ᠬᠥᠮᠦᠵᠢᠯ ᠢ ᠵᠡᠷᠭᠡ ᠪᠠᠷ ᠠᠣᠡᠬᠤᠬᠤ︾ ᠶᠢ ᠴᠢᠩᠭᠠᠣᠡᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠢᠯᠭᠠᠨ ᠦᠨᠡᠯᠡᠬᠦ ᠲᠣᠭᠲᠠᠴᠠ ᠪᠠ ᠶᠠᠰᠤ ᠴᠢᠨᠠᠷ  ᠲᠤ ᠰᠠᠭᠤᠷᠢᠯᠠᠭᠰᠠᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠣᠭᠲᠠᠴᠠ ᠶᠢ ᠲᠠᠰᠤᠷᠡᠯᠲᠡ ᠦᠭᠡᠢ ᠲᠡᠭᠦᠯᠳᠡᠷᠵᠢᠭᠦᠯᠵᠦ᠂ ᠬᠢᠴᠢᠶᠡᠯ ᠤᠨ ᠦᠭᠡᠷᠡᠴᠢᠯᠡᠯᠲᠡ ᠶᠢ ᠦᠨᠡᠨ ᠬᠦ ᠠᠬᠢᠭᠤᠯᠤᠨ᠂ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃
       ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠪᠠ᠃ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠣᠷᠢᠭ  ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠳᠠᠪᠤᠷᠢ ᠪᠠ ᠦᠢᠯᠡᠴᠢᠯᠡᠭᠡᠨ  ᠤ ᠴᠢᠳᠠᠪᠤᠷᠢ ᠶᠢ ᠲᠠᠰᠤᠷᠠᠯᠲᠡ ᠦᠭᠡᠢ ᠴᠢᠩᠭᠠᠣᠡᠬᠠᠨ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠠᠵᠢᠯ ᠢ ︽ᠦᠨᠳᠦᠰᠦᠨ ᠳᠡᠭᠡᠨ ᠲᠡᠩᠴᠡᠭᠦᠷᠢᠳᠡᠢ︾ ᠪᠠᠶᠢᠠᠭᠰᠠᠨ ᠠᠴᠠ ︽ᠴᠢᠨᠠᠷ ᠰᠠᠶᠢᠲᠡᠢ ᠲᠡᠩᠴᠡᠭᠦᠷᠢᠲᠡᠢ︾ ᠪᠣᠯᠭᠠᠬᠤ ᠪᠠᠷ ᠴᠢᠷᠮᠠᠶᠢᠨ᠋᠎ᠠ᠃ ︽ᠬᠤᠶᠠᠷ ᠢ ᠬᠦᠩᠭᠡᠷᠡᠭᠦᠯᠬᠦ︾ ᠠᠵᠢᠯ ᠤᠨ  ᠱᠠᠭᠠᠷᠳᠠᠯᠭ᠎ᠠ ᠶᠢ ᠨᠡᠶᠢᠳᠠᠪᠤᠷᠢᠵᠢᠭᠤᠯᠵᠤ᠂ ᠰᠤᠷᠭᠠᠭᠤᠯᠢ  ᠶᠢᠨ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠰᠤᠷᠭᠠᠨ ᠬᠥᠮᠥᠵᠢᠯ ᠤᠨ ᠶᠠᠮᠤᠨ ᠤ ᠰᠠᠭᠤᠷᠢ ᠰᠤᠷᠭᠠᠨ ᠬᠦᠮᠣᠵᠢᠯ ᠤᠨ ︽ ᠵᠢᠷᠣᠮᠵᠢᠡᠡᠰᠡᠨ ᠬᠠᠮᠢᠶᠡᠷᠦᠯᠲᠡ ᠶᠢᠨ ᠣᠨ︾ ᠤ ᠬᠠᠮᠢᠶ᠎ᠠ ᠪᠦᠬᠦᠢ ᠲᠣᠭᠳᠠᠭᠠᠯ  ᠢ ᠴᠢᠩᠭ᠎ᠠ ᠬᠡᠷᠡᠭᠵᠢᠭᠦᠯᠦᠨ᠂ ︽ᠠᠷᠦ ᠬᠤᠷᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ 2024 ᠣᠨ ᠤ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠵᠢᠷᠣᠮᠵᠢᠭᠤᠯᠬᠤ ᠲᠣᠰᠬᠠᠢ ᠠᠵᠢᠯᠯᠠᠭ᠎ᠠ ᠶᠢᠨ ᠲᠥᠰᠥᠯ︾ ᠢ ᠲᠤᠭᠳᠠᠭᠠᠵᠤ᠂ ᠢᠯᠡ ᠪᠠᠷ ᠰᠤᠷᠣᠭᠴᠢ ᠡᠯᠰᠡᠬᠦ ᠪᠠ ᠰᠤᠷᠭᠠᠭᠤᠯᠢ ᠳᠤ ᠣᠷᠣᠭᠤᠯᠬᠤ᠂ ᠠᠵᠢᠯᠯᠠᠵᠤ ᠠᠮᠠᠷᠠᠬᠤ  ᠴᠠᠭ᠂ ᠬᠢᠴᠢᠶᠡᠯ ᠤᠨ ᠬᠡᠷᠡᠭᠵᠢᠭᠦᠯᠦᠯᠲᠡ᠂ ᠵᠢᠭᠠᠨ ᠰᠤᠷᠭᠠᠬᠤ ᠦᠢᠯᠡ ᠠᠵᠢᠯᠯᠠᠭ᠎ᠠ᠂ ᠠᠵᠢᠯ ᠤᠨ ᠪᠠᠶᠢᠷᠢᠯᠠᠭᠤᠯᠤᠯᠲᠠ᠂ ᠲᠠᠪᠤᠨ ᠵᠦᠢᠯ ᠤᠨ ᠬᠠᠮᠢᠶᠡᠷᠦᠯᠲᠠ᠂ ᠬᠢᠴᠢᠶᠡᠯ ᠤᠨ ᠲᠠᠷᠠᠭᠠᠬᠢ ᠦᠢᠯᠡᠴᠢᠯᠡᠭᠡ᠂ ᠵᠢᠭᠠᠨ ᠰᠤᠷᠭᠠᠯᠲᠠ ᠶᠢᠨ ᠬᠠᠪᠰᠤᠷᠤᠮᠵᠢ ᠬᠠᠮᠢᠶᠠᠷᠤᠯᠲᠠ᠂ ᠰᠤᠷᠤᠯᠭ᠎ᠠ ᠪᠠᠨ ᠲᠣᠷᠭᠤᠨ ᠵᠤᠭᠰᠤᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠵᠡᠷᠭᠡ ᠲᠠᠯ᠎ᠠ ᠪᠠᠷ ᠭᠤᠣᠯ ᠴᠤᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠤᠨ᠂ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠥᠪᠰᠢᠨ᠂ ᠰᠤᠷᠭᠠᠭᠤᠯᠢ ᠡᠷᠭᠢᠯᠡᠬᠦ ᠶᠢ ᠵᠢᠷᠣᠮᠵᠢᠭᠤᠯᠬᠤ᠂ ᠪᠠᠭᠰᠢ ᠶᠢᠨ ᠮᠣᠷᠠᠯ ᠪᠠᠭᠰᠢ ᠶᠢᠨ ᠰᠤᠷᠳᠠᠯ ᠵᠡᠷᠭᠡ ᠭᠤᠣᠯᠳᠠᠯᠭ᠎ᠠ ᠲᠠᠢ ᠲᠠᠯ᠎ᠠ ᠶᠢ ᠬᠦᠴᠦᠯᠠᠨ ᠰᠠᠶᠢᠲᠦᠷ ᠠᠣᠡᠬᠤᠵᠣ᠂ ᠠᠷᠠᠳ ᠤᠯᠠᠨ ᠤ ᠰᠤᠷᠭᠠᠨ ᠬᠥᠮᠦᠵᠢᠯ ᠳᠤ ᠰᠡᠳᠬᠢᠯ ᠬᠠᠨᠤᠮᠵᠢᠲᠡᠢ ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃
       ᠠᠰᠠᠭᠤᠳᠠᠯ ᠤᠨ ᠲᠤᠲᠠᠭᠤᠳᠠᠯ ᠳᠤ ᠴᠢᠭᠯᠡᠭᠦᠯᠦᠨ ᠰᠠᠶᠢᠵᠢᠷᠠᠭᠤᠯᠬᠤ ᠠᠷᠭ᠎ᠠ ᠬᠡᠮᠵᠢᠶ᠎ᠠ ᠡᠪᠴᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ 8 ᠰᠠᠷ᠎ᠠ ᠶᠢᠨ 21 ᠤ ᠡᠳᠦᠷ᠂ ᠪᠥᠬᠦ ᠬᠤᠰᠢᠭᠤᠨ ᠤ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠭᠠᠨ ᠬᠥᠮᠥᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠬᠤᠷᠠᠯ ᠵᠢᠴᠢ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ ᠵᠢᠷᠣᠮᠵᠢᠭᠤᠯᠬᠤ ᠶᠢ  ᠠᠬᠢᠭᠤᠯᠬᠤ ᠬᠤᠷᠠᠯ ᠬᠤᠷᠠᠯᠳᠤᠭᠤᠯᠵᠤ᠂ 2024 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠰᠢᠯᠭᠠᠯᠲᠠ ᠳᠤ ᠤᠯᠠᠮ ᠨᠢᠭᠡ ᠠᠯᠠᠬᠤᠮ ᠶᠠᠰᠤ ᠴᠢᠨᠠᠷ ᠤᠨ ᠵᠠᠳᠠᠯᠤᠯᠲᠠ ᠬᠢᠵᠦ᠂ ᠲᠠᠪᠤᠨ  ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠥᠵᠢᠯ ᠤᠨ ᠠᠵᠢᠯ ᠳᠤ ᠳᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠷᠠᠯ ᠠᠴᠠ ᠡᠯ᠎ᠡ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠨᠢ ᠰᠤᠷᠭᠠᠨ ᠬᠥᠮᠥᠵᠢᠯ ᠵᠢᠭᠠᠨ ᠰᠤᠷᠭᠠᠯᠲᠠ ᠪᠠᠷ ᠭᠤᠣᠯ ᠪᠣᠯᠭᠠᠭᠰᠠᠨ ᠠᠵᠢᠯ ᠤᠨ ᠭᠤᠣᠯ ᠰᠢᠵᠢᠮ ᠢ ᠬᠦᠨᠵᠡᠭᠡᠢ ᠲᠤᠭᠤᠰᠢᠯᠠᠭᠤᠯᠵᠤ᠂ ᠴᠢᠭᠯᠡᠯ ᠢ ᠲᠣᠳᠤᠷᠬᠠᠶᠢᠯᠠᠨ᠂ ᠠᠷᠭ᠎ᠠ ᠬᠡᠮᠵᠢᠶ᠎ᠡ ᠶᠢ ᠰᠤᠳᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠴᠢᠩᠭ᠎ᠠ ᠠᠣᠡᠬᠤᠬᠤ ᠬᠡᠷᠡᠭᠲᠡᠢ ᠭᠡᠵᠦ ᠲᠣᠳᠤᠷᠬᠠᠢ ᠳᠤᠷᠠᠳᠤᠨ ᠭᠠᠷᠭᠠᠬᠤ ᠶᠢᠨ ᠬᠠᠮᠲᠤ᠂ ᠰᠤᠷᠭᠠᠭᠤᠯᠢ ᠶᠢᠨ ᠬᠥᠭᠵᠢᠯᠲᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠰᠠᠶᠢᠲᠤᠷ ᠠᠣᠡᠬᠤᠵᠣ᠂ ᠬᠢᠨᠠᠨ ᠵᠢᠯᠤᠭᠤᠳᠬᠤ ᠲᠣᠭᠳᠠᠴᠠ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠰᠤᠷᠭᠠᠭᠤᠯᠢ ᠡᠷᠭᠢᠯᠡᠬᠦ ᠣᠶᠢᠯᠠᠭᠠᠡᠳᠠᠬᠤᠨ ᠢᠶᠠᠨ ᠲᠠᠰᠤᠷᠠᠯᠲᠠ ᠦᠭᠡᠢ ᠰᠢᠨᠡᠳᠬᠡᠬᠦ ᠶᠢ ᠠᠬᠢᠭᠤᠯᠵᠤ᠂ ᠬᠠᠮᠢᠶᠠᠷᠤᠯᠲᠠ ᠶᠢ ᠲᠠᠰᠤᠷᠠᠯᠲᠠ ᠦᠭᠡᠢ ᠨᠠᠷᠢᠯᠢᠡᠡᠵᠢᠭᠤᠯᠣᠨ᠂  ᠰᠣᠷᠭᠠᠭᠤᠯᠢ ᠡᠷᠭᠢᠯᠡᠬᠦ ᠶᠠᠰᠤ ᠴᠢᠨᠠᠷ ᠢ ᠲᠠᠰᠤᠷᠠᠯᠲᠠ ᠦᠭᠡᠢ ᠲᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠲᠠᠵᠠᠢ᠃
       ᠰᠤᠷᠤᠭᠴᠢ ᠡᠯᠰᠡᠬᠦ ᠠᠵᠢᠯ ᠤᠨ ᠰᠠᠬᠢᠯᠭ᠎ᠠ ᠪᠠᠲᠤ ᠶᠢ ᠴᠢᠩᠲᠡᠯᠡᠵᠤ᠂ ︽ᠢᠯᠡ ᠪᠠᠷ ᠠᠩᠭᠢ ᠬᠤᠪᠢᠶᠠᠬᠤ︾  ᠶᠢ ᠬᠡᠷᠡᠭᠵᠢᠭᠦᠯᠪᠠ᠃ ᠪᠥᠬᠦ ᠬᠤᠰᠢᠭᠤᠨ ᠤ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠳᠤᠨ ᠤ ᠰᠤᠷᠭᠠᠭᠤᠯᠢ ᠶᠢᠨ ᠰᠢᠨ᠎ᠡ ᠰᠤᠷᠤᠭᠴᠢ ᠶᠢ ︽ᠢᠯᠡ ᠪᠠᠷ ᠠᠩᠭᠢ ᠬᠤᠪᠢᠶᠠᠬᠤ︾ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ︽ᠠᠷᠦ ᠬᠤᠷᠴᠢᠨ ᠬᠤᠰᠢᠭᠤᠨ ᠤ ᠠᠯᠪᠡᠨ ᠵᠢᠷᠤᠮ ᠤᠨ ᠰᠤᠷᠭᠠᠨ ᠬᠥᠮᠦᠵᠢᠯ ᠤᠨ ᠱᠠᠳᠣᠨ ᠤ ᠠᠩᠬᠠᠨ ᠤ ᠱᠡᠳᠤᠨ ᠤ ᠢᠯᠡ ᠪᠠᠷ ᠠᠩᠭᠢ ᠬᠤᠪᠢᠶᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠲᠤᠭᠳᠠᠭᠠᠨ᠂ ︽ᠢᠯᠡ ᠪᠠᠷ ᠠᠩᠭᠢ ᠬᠤᠪᠢᠶᠠᠬᠤ︾ ᠠᠵᠢᠯ ᠢ ᠠᠯᠪᠠᠨ ᠵᠢᠷᠤᠮ ᠤᠨ ᠰᠤᠷᠭᠠᠨ ᠬᠦᠮᠣᠵᠢᠯ ᠢ ᠲᠡᠩᠴᠡᠭᠦᠷᠢᠲᠡᠢ ᠬᠥᠭᠵᠢᠭᠦᠯᠬᠦ ᠶᠢ ᠠᠬᠢᠭᠤᠯᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠲᠥᠪ ᠭᠤᠣᠯᠴᠢ ᠪᠠᠷ ᠰᠣᠷᠭᠠᠭᠤᠯᠢ ᠳᠤ ᠣᠷᠣᠬᠤ ᠣᠷᠲᠤ ᠬᠤᠭᠤᠴᠠᠭᠠᠨ ᠤ ᠪᠦᠲᠦᠮᠵᠢᠲᠠᠢ ᠲᠣᠭᠲᠠᠴᠠ  ᠶᠢ ᠪᠤᠷᠢᠠᠰᠢᠭᠦᠯᠦᠨ᠂ ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠰᠢᠨᠵᠢᠯᠡᠬᠦ ᠤᠬᠠᠭᠠᠨᠴᠢᠯᠡᠯᠲᠠ᠂ ᠲᠦᠷᠢᠮᠵᠢᠭᠦᠯᠦᠯᠲᠡ᠂ ᠵᠢᠷᠤᠮᠵᠢᠭᠤᠯᠤᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠰᠤᠷᠤᠭᠴᠢ ᠨᠢᠭᠡᠪᠦᠷᠢ ᠳᠤ ᠲᠥᠪ ᠭᠤᠣᠯᠴᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠢ ᠬᠦᠷᠲᠡᠭᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠡᠢ ᠪᠥᠭᠡᠳ ᠲᠡᠩᠴᠡᠭᠦᠷᠢᠲᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号