| | 8 ᠰᠠᠷ᠎ᠠ ᠶᠢᠨ 21- 22 ᠤᠨ ᠡᠳᠦᠷ ᠪᠣᠯᠲᠠᠯ᠎ᠠ᠂ ᠤᠯᠠᠭᠠᠡᠬᠠᠳᠠ ᠬᠤᠲᠠ ᠶᠢᠨ ᠦᠢᠯᠡᠳᠪᠤᠷᠢ | ᠬᠤᠳᠠᠯᠳᠤᠭᠠᠨ ᠤ ᠬᠤᠯᠪᠤᠭ᠎ᠠ ᠶᠢᠨ ᠳᠡᠷᠢᠭᠦᠯᠡᠭᠴᠢ ᠳ᠋ᠦ᠋ ᠶᠢᠨ ᠬᠤᠩ᠂ ᠲᠡᠳ᠋ ᠲᠡᠷᠢᠭᠦᠯᠡᠭᠴᠢ ᠱᠢ ᠸᠧᠢ ᠪᠥᠬᠦ ᠬᠤᠲᠠ | ᠶᠢᠨ ᠠᠷᠪᠠ ᠭᠠᠷᠣᠢ ᠠᠵᠤ ᠠᠬᠤᠶᠢᠯᠠᠯ ᠤᠨ ᠬᠢᠨ ᠢ ᠳᠠᠭᠠᠭᠤᠯᠤᠨ ᠠᠷᠤ ᠬᠤᠷᠴᠢᠨ ᠬᠤᠰᠢᠭᠤᠨ ᠳᠤ ︽ᠠᠵᠤ | ᠠᠬᠤᠶᠢᠯᠠᠯᠲᠠᠨ ᠠᠵᠤ ᠠᠬᠤᠶᠢᠯᠠᠯ ᠢᠶᠠᠷ ᠲᠣᠭᠤᠷᠢᠨ ᠥᠵᠡᠬᠦ︾ ᠬᠤᠰᠢᠭᠤ ᠰᠢᠶᠠᠨ ᠤ ᠠᠶᠠᠯᠠᠯ ᠤᠨ ᠠᠵᠢᠯᠯᠠᠭ᠎ᠠ | ᠥᠷᠨᠢᠭᠦᠯᠵᠦ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ | ᠹᠷᠣᠨᠲ ᠤᠨ ᠬᠡᠯᠳᠠᠰ ᠤᠨ ᠳᠠᠷᠤᠭ᠎ᠠ ᠬᠠᠨ ᠵᠢᠶᠧ᠂ ᠬᠤᠰᠢᠭᠤᠨ ᠦᠢᠯᠡᠳᠪᠤᠷᠢ ᠬᠤᠳᠠᠯᠳᠤᠭᠠᠨ ᠤ ᠬᠤᠯᠪᠣᠭ᠎ᠠ ᠶᠢᠨ | ᠤᠳᠤᠷᠢᠳᠬᠤ ᠪᠠᠭ ᠤᠨ ᠪᠦᠷᠢᠯᠳᠦᠭᠦᠨ ᠪᠠᠷ᠎ᠠ ᠪᠣᠯᠵᠤ ᠠᠵᠢᠯᠯᠠᠭ᠎ᠠ ᠳᠤ ᠣᠷᠣᠯᠴᠠᠵᠠᠢ᠃ | | | | ᠳ᠋ᠦ᠋ ᠶᠢᠨ ᠬᠤᠩ ᠨᠠᠷ ᠤᠷᠢᠳ ᠬᠤᠵᠢᠳ ᠠᠷᠤ ᠬᠤᠷᠴᠢᠨ ᠬᠤᠰᠢᠭᠤᠨ ᠤ ᠪᠣᠬᠢᠷᠳᠤᠯ ᠦᠭᠡᠢ ᠪᠠᠶᠢᠭᠠᠯᠢᠯᠢᠭ | ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠲᠦᠭᠡᠭᠳᠡᠬᠦᠨ ᠤ ᠦᠵᠡᠭᠦᠯᠭᠡ ᠶᠢᠨ ᠲᠢᠩᠭᠢᠮ᠂ ᠤᠯᠠᠭᠠᠡᠬᠠᠳᠠ ᠬᠤᠲᠠ | ᠶᠢᠨ ᠴᠢᠪᠠᠭ᠎ᠠ ᠠᠷᠢᠬᠢᠨ ᠤ ᠦᠢᠯᠡᠰ ᠤᠨ ᠬᠢᠵᠠᠭᠠᠷᠲᠤ ᠬᠠᠷᠢᠭᠤᠴᠠᠯᠠᠭᠠᠲᠤ ᠺᠤᠮᠫᠠᠨᠢ᠂ ᠠᠷᠤ ᠬᠤᠷᠴᠢᠨ ᠬᠤᠰᠢᠭᠤᠨ ᠤ | ᠨᠠᠮᠤᠷ ᠦᠨᠳᠦᠰᠤᠲᠠᠡᠨ ᠤ ᠢᠳᠡᠭᠡᠨ ᠤ ᠵᠦᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ | ᠲᠠᠯ᠎ᠠ ᠶᠢᠨ ᠬᠤᠸᠠ ᠾᠦᠢ ᠫᠧᠭ ᠢᠳᠡᠭᠡᠨ ᠤ ᠵᠦᠢᠯ ᠤᠨ ᠬᠢᠵᠠᠭᠠᠷᠲᠤ ᠺᠣᠮᠫᠠᠨᠢ ᠪᠣᠯᠣᠨ ᠤᠯᠠᠭᠠᠡᠬᠠᠳᠠ ᠶᠢᠨ ᠣᠤ | ᠶᠠ ᠣᠳᠣ ᠦᠶ᠎ᠡ ᠶᠢᠨ ᠮᠠᠯᠵᠢᠯ ᠤᠨ ᠲᠠᠯᠠᠪᠡᠢ ᠶᠢᠨ ᠬᠢᠵᠠᠭᠠᠷᠲᠤ ᠺᠣᠮᠫᠠᠨᠢ ᠶᠢᠨ ᠵᠢᠭᠠᠰᠤᠲᠠᠢ ᠬᠤᠪᠢᠶᠠᠷᠢ ᠲᠠᠯᠠᠪᠠᠢ ᠳᠤ | ᠬᠦᠷᠴᠤ᠂ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠲᠤᠭᠤᠷᠢᠨ ᠦᠵᠡᠵᠦ᠂ ᠠᠵᠤ ᠠᠬᠤᠶᠢᠯᠡᠯ ᠤᠨ | ᠬᠥᠭᠵᠢᠯᠲᠠ᠂ ᠬᠠᠮᠢᠶᠡᠷᠤᠯᠲᠠ ᠶᠢᠨ ᠦᠢᠯᠠᠭᠠᠭᠳᠠᠬᠠᠳ ᠵᠢᠴᠢ ᠡᠵᠩᠨᠡᠯᠲᠡ ᠶᠢᠨ ᠵᠬᠠᠪᠣᠷ ᠢ ᠨᠠᠷᠢᠨ ᠣᠶᠢᠯᠠᠭᠠᠪᠠ᠃ | | | | ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠬᠠᠰᠠᠣᠨ ᠠᠷᠤ ᠬᠤᠷᠴᠢᠨ ᠬᠤᠰᠢᠭᠤᠨ ᠤ | ᠠᠷᠠᠯᠵᠢᠶᠠᠴᠢᠨ ᠤᠷᠢᠵᠤ ᠪᠡᠯᠡ ᠲᠠᠳᠠᠬᠤ ᠤᠬᠠᠭᠤᠯᠭ᠎ᠠ ᠶᠢᠨ ᠹᠢᠯᠢᠮ ᠢ ᠦᠵᠡᠵᠤ᠂ ᠠᠷᠤ ᠬᠤᠷᠴᠢᠨ ᠬᠤᠰᠢᠭᠤᠨ ᠤ | ᠦᠢᠯᠡᠳᠪᠤᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠬᠤᠷᠠᠯ ᠳᠤ | ᠣᠷᠣᠯᠴᠬᠠᠰᠡᠨ ᠠᠵᠤ ᠠᠬᠤᠶᠢᠯᠠᠯᠳᠠᠨ ᠤ ᠲᠦᠯᠥᠭᠡᠯᠡᠭᠴᠢ ᠨᠡᠷᠡᠲᠦ ᠲᠡᠮᠳᠡᠭᠲᠦ ᠶᠢ ᠬᠦᠴᠦᠷᠭᠡᠭᠵᠢᠭᠦᠯᠬᠦ᠂ ᠠᠷᠭ᠎ᠠ | ᠵᠠᠮ ᠢ ᠰᠢᠯᠢᠲᠡᠭᠵᠢᠭᠦᠯᠬᠦ ᠪᠣᠯᠦᠨ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠣᠡᠬᠠᠬᠤ ᠲᠠᠯ᠎ᠠ ᠪᠠᠷ ᠰᠠᠨᠠᠯ ᠢᠶᠠᠨ | ᠰᠣᠯᠢᠯᠴᠠᠪᠠ᠃ ᠳ᠋ᠦ᠋ ᠶᠢᠨ ᠬᠤᠩ᠂ ᠤᠯᠠᠨ ᠢᠶᠠᠷ ᠢᠶᠠᠨ ᠠᠵᠢᠯ ᠤᠨ ᠳᠤᠮᠳᠠ ᠪᠠᠨ ᠬᠠᠷᠢᠯᠴᠠᠨ ᠳᠤᠯᠢᠳᠠᠵᠤ᠂ | ᠬᠠᠮᠲᠤᠪᠠᠷ ᠦᠰᠦᠨ ᠪᠣᠶᠢᠵᠢᠵᠤ᠂ ᠠᠳᠠᠯᠢ ᠪᠤᠰᠦ ᠠᠵᠤ ᠠᠬᠤᠢ ᠶᠢᠨ ᠡᠵᠡᠩᠨᠡᠯᠲᠠ ᠶᠢᠨ ᠬᠡᠯᠪᠡᠷᠢ᠂ ᠠᠵᠤ ᠦᠢᠯᠡᠰ | ᠤᠨ ᠭᠡᠪᠴᠢᠶᠡᠵᠢᠯᠲᠡ᠂ ᠡᠬᠢ ᠪᠠᠶᠠᠯᠢᠭ ᠤᠨ ᠲᠠᠪᠠᠭᠤᠯᠢᠭ ᠲᠤ ᠲᠦᠰᠢᠭᠯᠡᠨ ᠭᠠᠵᠡᠷ ᠣᠷᠣᠨ ᠪᠣᠯᠣᠨ ᠠᠵᠤ | ᠠᠬᠤᠶᠢᠯᠠᠯ ᠤᠨ ᠬᠤᠭᠤᠷᠣᠨᠳᠤ ᠪᠠᠶᠢᠬᠤ ᠪᠠ ᠦᠭᠡᠢ ᠪᠠᠨ ᠰᠣᠯᠢᠯᠴᠠᠬᠤ᠂ ᠲᠠᠪᠠᠭᠤᠯᠢᠭ ᠪᠠᠨ ᠪᠠᠳᠠᠷᠠᠭᠤᠯᠤᠨ | ᠬᠦᠷᠦᠯᠴᠡᠬᠦ ᠦᠭᠡᠢ ᠪᠠᠨ ᠲᠡᠪᠴᠢᠬᠦ ᠶᠢ ᠴᠢᠨᠠᠭᠰᠢᠳᠠ ᠪᠡᠶᠡᠯᠡᠭᠦᠯᠵᠦ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ | ᠶᠢ ᠨᠡᠩ ᠰᠠᠶᠢᠳᠤᠷ ᠠᠬᠢᠭᠤᠯᠵᠤ᠂ ᠠᠵᠤ ᠦᠢᠯᠡᠰ ᠤᠳ ᠬᠡᠯᠬᠢᠶ᠎ᠡ ᠶᠢ ᠣᠷᠳᠣᠳᠬᠠᠬᠤ ᠶᠢ ᠨᠡᠩ ᠰᠠᠶᠢᠲᠤᠷ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠬᠤ ᠶᠢᠨ ᠬᠠᠮᠲᠤ᠂ ᠦᠢᠯᠡᠳᠪᠤᠷᠢ ᠬᠤᠳᠠᠯᠳᠤᠭᠠᠨ ᠤ ᠬᠤᠯᠪᠣᠭ᠎ᠠ ᠶᠢᠨ | ᠬᠢᠨ ︽ᠨᠢᠭᠡᠳᠤᠮᠠᠯ ᠹᠷᠣᠨᠲ ᠤᠨ ᠴᠢᠨᠠᠷ︾᠂ ︽ᠠᠵᠤ ᠠᠬᠤᠢ ᠶᠢᠨ ᠴᠢᠨᠠᠷ︾᠂ ︽ᠠᠷᠠᠳ ᠤᠨ ᠴᠢᠨᠠᠷ︾ ᠲᠤ | ᠠᠩᠬᠠᠷᠣᠯ ᠢᠶᠠᠨ ᠲᠥᠪᠯᠡᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠢᠯᠡᠴᠢᠯᠡᠬᠦ ᠠᠵᠢᠯ ᠢ | ᠲᠡᠭᠦᠯᠳᠡᠷᠵᠢᠭᠦᠯᠵᠦ᠂ ᠦᠢᠯᠡᠳᠪᠤᠷᠢ ᠬᠤᠳᠠᠯᠳᠤᠭᠠᠨ ᠤ ᠬᠤᠯᠪᠣᠭ᠎ᠠ ᠶᠢᠨ ᠬᠥᠬᠦᠷᠭᠡ ᠬᠤᠯᠪᠣᠭᠠᠰᠤ ᠪᠣᠯᠤᠨ | ᠬᠠᠪᠰᠣᠷᠣᠡᠡᠴᠢ ᠶᠢᠨ ᠦᠢᠯᠡᠳᠦᠯ ᠢ ᠨᠡᠩ ᠰᠠᠶᠢᠳᠣᠷ ᠪᠠᠳᠠᠷᠠᠭᠤᠯᠵᠤ᠂ ᠠᠷᠠᠳ ᠤᠨ ᠡᠵᠡᠩᠨᠡᠯᠲᠠ ᠶᠢᠨ ᠠᠵᠤ | ᠠᠬᠤᠶᠢᠯᠠᠯ ᠪᠣᠯᠣᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠨᠡᠪᠲᠡᠷᠠᠯᠴᠡᠨ ᠵᠥᠪᠲᠡᠯᠴᠡᠬᠦ ᠳᠤ ᠳᠠᠪᠴᠡᠩ | ᠪᠠᠶᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ︽ᠲᠦᠷᠬᠦᠮ ᠤᠨ ᠬᠥᠮᠥᠨ︾ ᠪᠣᠯᠬᠤ | ᠬᠡᠷᠡᠭᠲᠡᠢ ᠃ ᠡᠭᠦᠨ ᠤ ᠬᠠᠮᠲᠤ ᠥᠷᠭᠡᠨ ᠤᠯᠠᠨ ᠠᠷᠠᠳ ᠤᠨ ᠡᠵᠡᠩᠨᠡᠯᠲᠠ ᠶᠢᠨ ᠠᠵᠤ ᠠᠬᠤᠶᠢᠯᠠᠯᠲᠠᠨ ᠤ | ᠪᠠᠶᠢᠩᠭᠤᠵᠢᠭᠰᠠᠨ ᠬᠠᠷᠢᠯᠴᠠᠨ ᠰᠤᠷᠤᠯᠴᠠᠬᠤ᠂ ᠬᠠᠷᠢᠯᠴᠠᠨ ᠨᠡᠪᠲᠡᠷᠠᠯᠴᠡᠬᠦ᠂ ᠬᠠᠷᠢᠯᠴᠠᠨ ᠠᠭᠤᠰᠤᠯᠴᠠᠬᠤ᠂ ᠬᠠᠷᠢᠯᠴᠠᠨ | ᠬᠠᠪᠰᠤᠷᠤᠯᠴᠠᠵᠤ ᠬᠠᠷᠢᠯᠴᠠᠨ ᠰᠤᠯᠢᠯᠴᠠᠵᠤ ᠬᠠᠮᠳᠤᠷᠠᠯᠴᠠᠬᠤ ᠲᠣᠭᠳᠠᠴᠡ ᠶᠢ ᠪᠦᠷᠢᠯᠳᠦᠭᠦᠯᠬᠦ ᠶᠢ ᠵᠣᠷᠢᠡᠡᠵᠢᠭᠤᠯᠵᠤ᠂ | ᠡᠬᠢ ᠪᠡᠶᠡᠯᠢᠭ᠋ ᠮᠡᠳᠡᠭᠡ ᠵᠠᠩᠭᠢ ᠶᠢᠨ ᠬᠠᠷᠢᠯᠴᠠᠨ ᠠᠬᠢᠭᠤᠯᠵᠤ ᠬᠠᠷᠢᠯᠴᠠᠨ ᠲᠡᠨᠢᠯᠴᠠᠭᠤᠯᠬᠤ ᠶᠢ ᠪᠡᠶᠡᠯᠡᠭᠦᠯᠵᠦ᠂ | ᠦᠢᠯᠡᠳᠪᠤᠷᠢᠯᠠᠯ᠂ ᠬᠠᠩᠭᠠᠯᠭ᠎ᠠ᠂ ᠪᠣᠷᠣᠯᠠᠭᠤᠯᠭ᠎ᠠ ᠶᠢᠨ ᠬᠡᠯᠬᠢᠶ᠎ᠡ ᠶᠢᠨ ᠬᠠᠷᠢᠯᠴᠠᠨ ᠨᠦᠬᠦᠪᠣᠷᠢᠯᠡᠬᠦ ᠶᠢ ᠬᠠᠮᠲᠤᠪᠡᠷ | ᠠᠬᠢᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠪᠣᠯᠣᠨ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠳᠤ ᠰᠢᠨ᠎ᠡ ᠠᠮᠢᠵᠢᠷᠡᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠡᠵᠢ᠃ | | | | ᠬᠠᠨ ᠵᠢᠶᠧ ᠢᠯᠡᠷᠬᠡᠶᠢᠯᠡᠬᠦ ᠳᠡᠭᠡᠨ᠂ ᠬᠤᠰᠢᠭᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠳᠡᠰ᠂ ᠬᠤᠰᠢᠭᠤᠨ ᠦᠢᠯᠡᠳᠪᠤᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠴᠢᠩᠭ᠎ᠠ ᠨᠢᠮᠪᠡᠢ᠂ ᠯᠠᠪᠳᠠᠭᠤᠨ | ᠪᠠᠲᠤᠲᠠᠢ ᠣᠪᠣᠷ ᠰᠤᠷᠳᠠᠯ᠂ ᠠᠵᠢᠯ ᠦᠢᠯᠡᠰ ᠪᠦᠲᠦᠭᠡᠬᠦ ᠡᠭᠦᠷᠭᠡᠯᠡᠯ ᠢᠶᠠᠷ ᠬᠥᠭᠵᠢᠯᠲᠡ ᠶᠢᠨ ᠶᠡᠭᠡ ᠲᠠᠯ᠎ᠠ ᠳᠤ | ᠦᠷᠭᠦᠯᠵᠢᠯᠡᠨ ᠦᠢᠯᠡᠴᠢᠯᠡᠵᠦ᠂ ᠤᠯᠠᠭᠠᠡᠬᠠᠳᠡ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠡᠷᠡᠭᠦᠯ ᠪᠥᠭᠡᠳ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠤᠨ᠎ᠠ | ᠭᠡᠵᠡᠢ᠃ ︵ᠯᠢ ᠬᠤᠸᠠᠨ ᠢᠦᠢ︶ |