ᠠᠷᠤ ᠬᠤᠷᠴᠢᠨ ᠬᠤᠰᠢᠭᠤ ᠳᠥᠷᠪᠡᠨ ᠵᠦᠢᠯ ᠤᠨ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠥᠭᠡᠷᠡᠴᠢᠯᠡᠯᠲᠡ ᠪᠣᠯᠣᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2024/8/27
     ᠠᠷᠤ ᠬᠤᠷᠴᠢᠨ ᠬᠤᠰᠢᠭᠤ ᠳᠥᠷᠪᠡᠨ ᠵᠦᠢᠯ ᠤᠨ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠥᠭᠡᠷᠡᠴᠢᠯᠡᠯᠲᠡ ᠪᠣᠯᠣᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠵᠤ ᠪᠣᠢ᠃ ᠨᠢᠭᠡ ᠳᠤ᠂ ᠠᠵᠢᠯ ᠤᠨ ᠠᠷᠭ᠎ᠠ ᠬᠡᠯᠪᠡᠷᠢ ᠶᠢ ᠰᠢᠯᠢᠳᠡᠭᠵᠢᠭᠦᠯᠬᠦ ᠶᠢ ᠴᠢᠬᠤᠯᠠᠴᠢᠯᠠᠪᠠ᠃ ᠨᠠᠩ ᠣᠯᠠᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ᠂ ᠠᠵᠤ ᠠᠬᠤᠶᠢᠯᠠᠯ᠂ ᠬᠤᠷᠰᠢᠶ᠎ᠠ᠂ ᠳᠠᠷᠢᠵᠤ ᠲᠡᠵᠢᠭᠡᠬᠦ ᠲᠣᠮᠣ ᠡᠷᠦᠬᠡ ᠶᠢ ᠣᠷᠣᠭᠤᠯᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠵᠢᠯ ᠳᠤ ᠣᠷᠣᠯᠴᠠᠭᠤᠯᠬᠤ ᠪᠠᠷ ᠳᠠᠮᠵᠢᠭᠤᠯᠤᠨ᠂ ︽ᠴᠡᠭ ᠢᠶᠠᠷ ᠨᠡᠶᠢᠳᠡᠮ ᠢ ᠳᠠᠶᠢᠴᠢᠯᠠᠬᠤ︾ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠣᠶᠢᠷ᠎ᠠ ᠶᠢᠨ ᠬᠡᠳᠦᠨ ᠵᠢᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠶᠢ 1000 ᠭᠠᠷᠤᠶ᠂ ᠠᠵᠤ ᠦᠢᠯᠡᠰ ᠤᠨ ᠳᠠᠭᠠᠭᠤᠯᠤᠭᠴᠢ ᠶᠢ 50 ᠰᠢᠬᠠᠮ ᠬᠥᠮᠦᠨ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ 1000 ᠰᠢᠬᠠᠮ ᠬᠥᠮᠦᠨ ᠢ ᠬᠦᠮᠦᠵᠢᠭᠦᠯᠦᠨ᠂ ᠨᠥᠯᠥᠭᠡᠯᠡᠨ ᠳᠠᠶᠢᠴᠢᠯᠠᠬᠤ ᠡᠷᠦᠬᠡ 2 ᠲᠦᠮᠡᠨ ᠡᠷᠦᠬᠡ ᠠᠴᠠ ᠳᠡᠭᠡᠭᠰᠢ ᠬᠦᠷᠪᠡ᠃      ᠬᠤᠶᠠᠷ ᠲᠤ᠂ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠪᠠ᠃ ᠬᠤᠰᠢᠭᠤ᠂ ᠰᠣᠮᠣ ᠰᠢᠶᠠᠩ᠂ ᠭᠠᠴᠠᠭ᠎ᠠ ᠲᠣᠰᠬᠤᠨ ᠭᠤᠷᠪᠠᠨ ᠱᠠᠲᠤᠨ ᠤ ᠬᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠠᠷᠢᠶᠠᠯᠠᠩ ᠤᠨ ᠮᠡᠷᠭᠡᠵᠢᠯ ᠤᠨ ᠮᠡᠳᠡᠭᠡ ᠵᠠᠩᠭᠢ ᠪᠠ ᠮᠡᠷᠭᠡᠵᠢᠯ ᠤᠨ ᠵᠢᠯᠣᠭᠤᠳᠣᠯᠭ᠎ᠠ ᠶᠢ ᠲᠠᠷᠢᠶᠠᠨ ᠭᠠᠵᠠᠷ ᠲᠤ ᠰᠢᠭᠤᠳ ᠬᠦᠷᠭᠡᠬᠦ ᠶᠢ ᠪᠠᠲᠤᠯᠠᠵᠣ ᠪᠣᠢ᠃ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠭᠠᠴᠠᠭ᠎ᠠ ᠲᠣᠰᠬᠤᠨ ᠳᠤ ᠬᠦᠷᠴᠦ ᠡᠷᠦᠬᠡ ᠳᠤ ᠭᠦᠨᠵᠡᠭᠡᠶᠢᠷᠡᠨ ᠮᠡᠷᠭᠡᠵᠢᠯ ᠤᠨ ᠵᠢᠯᠣᠭᠤᠳᠣᠯᠭ᠎ᠠ ᠪᠠ ᠪᠣᠯᠪᠠᠰᠤᠷᠠᠭᠤᠯᠤᠯ ᠥᠷᠨᠢᠭᠦᠯᠬᠦ ᠪᠠᠷ ᠳᠠᠮᠵᠢᠭᠤᠯᠤᠨ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠠᠶᠢᠨ ᠣᠷᠴᠢᠯ ᠤᠨ ᠪᠠᠶᠢᠷᠢᠰᠢᠯ ᠢ ᠪᠦᠷᠢᠯᠳᠦᠭᠦᠯᠪᠡ᠃ ᠪᠥᠬᠦ ᠬᠤᠰᠢᠭᠤᠨ ᠤ ᠬᠤᠰᠢᠭᠤ  ᠰᠣᠮᠣ ᠰᠢᠶᠠᠩ ᠬᠤᠶᠠᠷ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ 100 ᠭᠠᠷᠤᠶ ᠪᠠᠶᠢᠵᠤ᠂ ᠡᠭᠦᠨ ᠳᠤ  ᠰᠣᠮᠣ ᠰᠢᠶᠠᠩ ᠤᠨ ᠲᠠᠰ ᠤᠨ 42 ᠬᠥᠮᠦᠨ᠂ ᠣᠨᠴᠠ ᠤᠷᠢᠭᠰᠠᠨ ᠲᠠᠷᠢᠶᠠᠯᠠᠩ ᠤᠨ ᠮᠡᠷᠭᠡᠵᠢᠯ ᠤᠨ ᠠᠵᠢᠯᠲᠠᠨ 4 ᠬᠥᠮᠦᠨ᠂ ᠭᠠᠴᠠᠭ᠎ᠠ ᠲᠣᠰᠬᠤᠨ ᠤ ᠱᠠᠲᠤᠨ ᠤ ᠡᠭᠦᠯᠳᠡᠷ ᠰᠠᠶᠢᠵᠢᠷᠠᠭᠤᠯᠬᠤ ᠮᠡᠷᠭᠡᠵᠢᠯᠲᠡᠨ 1000 ᠭᠠᠷᠤᠶ ᠬᠥᠮᠦᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠷᠭᠡᠵᠢᠯᠲᠡᠨ 400 ᠭᠠᠷᠤᠶ ᠪᠠᠶᠢᠨ᠎ᠠ᠃      ᠭᠤᠷᠪᠠ ᠳᠤ᠂ ᠲᠠᠷᠢᠶᠠᠯᠠᠩ ᠤᠨ ᠮᠡᠷᠭᠡᠵᠢᠯᠲᠡᠨ ᠤ ᠴᠢᠳᠠᠪᠤᠷᠢ ᠶᠢᠨ ᠳᠡᠭᠡᠭᠰᠢᠯᠡᠯᠲᠡ ᠶᠢ ᠴᠢᠩᠭᠠᠳᠬᠠᠪᠠ᠃      ︽ᠤᠷᠢᠵᠤ ᠠᠪᠴᠢᠷᠠᠬᠤ᠂ ᠭᠠᠳᠠᠭᠰᠢ ᠭᠠᠷᠭᠠᠬᠤ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠦᠷᠭᠦᠯᠵᠢᠯᠡᠨ ᠴᠢᠩᠭᠠᠳᠬᠠᠪᠠ᠃ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ᠤᠷᠢᠵᠤ ᠬᠤᠰᠢᠭᠤᠨ ᠳᠤ ᠪᠠᠨ ᠤᠷᠢᠨ ᠠᠪᠴᠢᠷᠠᠵᠤ ᠬᠢᠴᠢᠶᠡᠯ ᠣᠷᠣᠭᠤᠯᠣᠨ ᠰᠠᠨᠠᠯ ᠢᠶᠠᠨ ᠰᠣᠯᠢᠯᠴᠠᠬᠤ ᠶᠢᠨ ᠬᠠᠮᠲᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠭᠠᠳᠠᠷ ᠣᠷᠣᠨ ᠳᠤ ᠣᠴᠢᠭᠤᠯᠵᠤ ᠲᠡᠷᠢᠭᠦᠨ ᠤ ᠲᠤᠷᠰᠢᠯᠭ᠎ᠠ ᠪᠠ ᠮᠡᠷᠭᠡᠵᠢᠯ ᠢ ᠰᠤᠷᠤᠯᠴᠠᠭᠤᠯᠵᠤ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠬᠥᠭᠦᠷᠭᠡ ᠶᠢᠨ ᠦᠢᠯᠡᠳᠦᠯ ᠢ ᠪᠠᠳᠠᠷᠠᠭᠤᠯᠵᠤ ᠪᠣᠢ᠃ ᠠᠵᠢᠯ ᠤᠨ ᠪᠠᠶᠢᠷᠢ ᠠᠴᠠ ᠪᠠᠨ ᠰᠠᠯᠵᠤ ᠣᠨᠳᠣᠣ ᠭᠠᠵᠠᠷ ᠲᠣᠮᠢᠯᠠᠭᠳᠠᠨ ᠴᠢᠳᠠᠪᠤᠷᠢ ᠳᠡᠭᠡᠭᠰᠢᠯᠡᠭᠦᠯᠬᠦ ᠪᠣᠯᠪᠠᠰᠤᠷᠠᠯ ᠬᠦᠷᠲᠡᠭᠰᠡᠨ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠨᠢᠭᠡᠨᠲᠡ 30 ᠰᠢᠬᠠᠮ ᠬᠦᠮᠦᠨ ᠬᠦᠷᠦᠭᠰᠡᠨ ᠪᠦᠭᠡᠳ ᠪᠠᠰᠠ 70 ᠬᠥᠮᠦᠨ ᠢ ᠠᠵᠢᠯ ᠤᠨ ᠪᠠᠶᠢᠷᠢ ᠠᠴᠠ ᠨᠢ ᠰᠠᠯᠭᠠᠨ ᠪᠣᠯᠪᠠᠰᠤᠷᠠᠯ ᠬᠦᠷᠲᠡᠭᠡᠬᠦ ᠪᠠᠷ ᠲᠥᠯᠥᠪᠯᠡᠵᠦ ᠪᠣᠢ᠃      ᠳᠥᠷᠪᠡ ᠳᠤ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠪᠡ᠃ ᠤᠷᠲᠤ ᠬᠤᠭᠤᠴᠠᠭ᠎ᠠ ᠲᠣᠭᠲᠠᠪᠤᠷᠢᠲᠠᠶ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ᠂ ᠰᠢᠨ᠎ᠡ ᠬᠡᠪ ᠵᠠᠭᠪᠤᠷ ᠤᠨ ᠳᠡᠯᠭᠡᠨ ᠦᠵᠡᠭᠦᠯᠬᠦ ᠴᠣᠩᠬᠤ ᠪᠠ ᠲᠤᠷᠰᠢᠯᠲᠠ ᠶᠢᠨ ᠵᠢᠱᠢᠶ᠎ᠡ ᠦᠵᠡᠭᠦᠯᠬᠦ ᠲᠠᠪᠴᠠᠩ ᠪᠣᠯᠭᠠᠪᠠ᠃ ᠰᠢᠯᠢᠳᠡᠭ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠣᠷᠣᠨ ᠤ ᠲᠠᠰ ᠠᠴᠠ ᠳᠡᠭᠡᠭᠰᠢᠬᠢ ᠵᠢᠱᠢᠶ᠎ᠡ ᠦᠵᠡᠭᠦᠯᠬᠦ ᠰᠢᠰᠲ᠋ᠧᠮ ᠳᠤ ᠣᠷᠣᠭᠤᠯᠬᠤ ᠪᠠᠷ ᠢᠳᠡᠪᠬᠢᠲᠡᠶ ᠴᠢᠷᠮᠠᠶᠢᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠥᠨᠳᠥᠷ ᠪᠦᠲᠦᠮᠵᠢᠲᠡᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠵᠤ ᠪᠣᠢ᠃  ᠣᠳᠣ ᠨᠢᠭᠡᠨᠲᠡ 4 ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠢᠷᠡᠬᠦ ᠵᠢᠯ ᠳᠤ 4 ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠣᠢ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号