ᠠᠷᠤ ᠬᠤᠷᠴᠢᠨ ᠬᠤᠰᠢᠭᠤᠨ ᠤ C013 ᠱᠣᠭᠤᠮ ᠤᠨ ᠱᠤᠤ ᠠᠴᠠ ᠠᠮᠢᠠᠠᠦ᠋ᠨᠳᠦᠷ ᠬᠦᠷᠬᠦ | K7+000-K2+996 ᠬᠡᠰᠡᠭ᠂ ᠠᠷᠣ ᠬᠤᠷᠴᠢᠨ ᠬᠤᠰᠢᠭᠤᠨ ᠤ x197 ᠱᠣᠭᠤᠮ ᠤᠨ | ᠳᠤᠮᠳᠠᠨᠠᠭᠤᠷ ᠠᠴᠠ ᠳ᠋ᠠᠪᠠᠨ ᠬᠦᠷᠬᠦ K8+657- K5+000 ᠬᠡᠰᠡᠭ᠂ ᠠᠷᠤ ᠬᠤᠷᠴᠢᠨ ᠬᠤᠰᠢᠭᠤᠨ ᠤ | x211 ᠱᠣᠭᠤᠮ ᠤᠨ ᠪᠠᠶ᠋ᠬᠠᠨᠠᠭᠤᠷ ᠠᠴᠠ ᠪᠣᠷᠣᠠᠤᠰᠤ ᠬᠦᠷᠬᠦ K288+00-K289+404 ᠬᠡᠰᠡᠭ᠂ | ᠠᠷᠤ ᠬᠤᠷᠴᠢᠨ ᠬᠤᠰᠢᠭᠤᠨ ᠤ Y202 ᠱᠣᠭᠤᠮ ᠤᠨ ᠰᠠᠨ ᠽᠦᠸᠧ ᠱᠠᠨ ᠠᠴᠠ ᠱᠤᠸᠠᠩ ᠵᠢᠩ ᠬᠦᠷᠬᠦ | K11+288-K5+783 ᠬᠡᠰᠡᠭ ᠵᠡᠷᠭᠡ ᠵᠠᠮ ᠤᠨ ᠬᠡᠰᠡᠭ ᠤᠳ ᠲᠤ ᠵᠠᠰᠠᠮᠠᠯ ᠵᠠᠮ ᠢ ᠠᠷᠠᠴᠢᠯᠠᠨ | ᠬᠠᠮᠠᠭᠠᠯᠠᠬᠤ ᠠᠵᠢᠯ ᠦᠷᠨᠢᠭᠦᠯᠬᠦ ᠶᠢᠨ ᠣᠴᠢᠷ᠂ ᠨᠠᠭᠠᠰᠢ ᠴᠠᠭᠠᠰᠢ ᠦᠩᠭᠡᠷᠡᠨ ᠶᠠᠪᠤᠬᠤ ᠲᠡᠷᠭᠡ ᠬᠦᠰᠭᠡ ᠪᠠ ᠶᠠᠪᠠᠭᠠᠨ | ᠬᠦᠮᠦᠨ ᠤ ᠠᠮᠤᠷ ᠲᠦᠪᠰᠢᠨ ᠵᠢᠴᠢ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠥᠪᠰᠢᠨ ᠤ ᠬᠠᠤᠯᠢ︾ | ᠶᠢᠨ ᠭᠤᠴᠢ ᠶᠢᠰᠦᠳᠦᠭᠡᠷ ᠵᠣᠷᠪᠣᠰ ᠤᠨ ᠲᠣᠭᠲᠠᠭᠠᠯ ᠢ ᠦᠨᠳᠦᠰᠦᠯᠡᠨ 2024 ᠣᠨ ᠤ 8 ᠰᠠᠷ᠎ᠠ ᠶᠢᠨ 28 ᠤ | ᠡᠳᠦᠷ ᠠᠴᠠ 2024 ᠣᠨ ᠤ 11 ᠰᠠᠷ᠎ᠠ ᠶᠢᠨ 18 ᠤ ᠡᠳᠦᠷ ᠪᠣᠯᠲᠠᠯ᠎ᠠ ᠵᠠᠮ ᠪᠢᠲᠡᠭᠦᠮᠵᠢᠯᠡᠨ ᠪᠠᠷᠢᠯᠭ᠎ᠠ ᠶᠢᠨ ᠠᠵᠢᠯ | ᠦᠷᠨᠢᠭᠦᠯᠬᠦ ᠪᠠᠷ ᠲᠣᠭᠲᠠᠪᠠ᠃ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠠᠯᠢᠪᠠ ᠲᠡᠷᠭᠡ ᠬᠦᠰᠭᠡ᠂ ᠶᠠᠪᠠᠭᠠᠨ | ᠬᠦᠮᠦᠨ ᠳᠡᠭᠡᠷᠡᠬᠢ ᠵᠠᠮ ᠤᠨ ᠬᠡᠰᠡᠭ ᠢᠶᠠᠷ ᠨᠡᠪᠲᠡᠷᠡᠬᠦ ᠶᠢ ᠴᠠᠭᠠᠵᠠᠯᠠᠬᠤ ᠲᠤᠯᠠ ᠦᠩᠭᠡᠷᠡᠨ ᠶᠠᠪᠤᠬᠤ ᠲᠡᠷᠭᠡ ᠬᠦᠰᠭᠡ | ᠪᠠ ᠶᠠᠪᠠᠭᠠᠨ ᠬᠦᠮᠦᠰ ᠵᠠᠮ ᠱᠣᠭᠤᠮ ᠢᠶᠠᠨ ᠦᠭᠡᠷᠡᠴᠢᠯᠡᠨ ᠲᠤᠭᠤᠷᠢᠵᠤ ᠶᠠᠪᠤᠭᠠᠷᠠᠢ᠃ ᠲᠠ ᠪᠦᠬᠦᠨ ᠤ ᠭᠠᠳᠠᠭᠰᠢ | ᠠᠶᠠᠯᠠᠯ ᠪᠠ ᠠᠮᠢᠳᠤᠷᠠᠯ ᠳᠤ ᠳᠦᠭᠦᠮ ᠪᠣᠰᠤ ᠠᠪᠴᠢᠷᠠᠬᠤ ᠲᠤᠯᠠ ᠠᠭᠤᠴᠢᠯᠠᠯ ᠬᠦᠰᠡᠵᠦ ᠪᠠᠶᠢᠨ᠎ᠠ᠃ | | ᠠᠷᠤ ᠬᠤᠷᠴᠢᠨ ᠬᠤᠰᠢᠭᠤᠨ ᠤ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ | ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 2024 ᠣᠨ ᠤ 8 ᠰᠠᠷ᠎ᠠ ᠶᠢᠨ 26 ᠤ ᠡᠳᠦᠷ |