︽ᠠᠷᠢᠭᠤᠨ ᠳᠠᠭᠰᠢᠨ ᠠᠷᠤ ᠬᠤᠷᠴᠢᠨ ᠨᠡᠭᠦᠳᠡᠯ ᠮᠠᠯᠵᠢᠯ ᠤᠨ ᠲᠠᠯ᠎ᠠ ᠨᠤᠲᠤᠭ︾ ᠠᠷᠤ ᠬᠤᠷᠴᠢᠨ ᠬᠤᠰᠢᠭᠤᠨ ᠤ ︽ᠳᠢᠶᠠᠨ ᠵᠢᠶᠣᠣ ᠨᠠᠨ ᠶᠤᠸᠠᠨ ᠬᠤᠨᠳᠠᠭᠠᠳᠤ︾ ᠠᠷᠤ ᠲᠠᠪᠣᠨ ᠬᠤᠰᠢᠭᠤ ᠰᠢᠶᠠᠨ ᠤ ᠫᠢᠩᠫᠠᠨᠭ᠌ ᠪᠦᠮᠪᠦᠭᠡ ᠶᠢᠨ ᠤᠷᠢᠯᠭ᠎ᠠ ᠶᠢᠨ ᠣᠷᠣᠯᠳᠤᠭᠠᠨ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/8/28
       8 ᠰᠠᠷ᠎ᠠ ᠶᠢᠨ 25 ᠤ ᠡᠳᠦᠷ᠂ ︽ᠠᠷᠢᠭᠤᠨ ᠳᠠᠭᠰᠢᠨ ᠠᠷᠤ ᠬᠤᠷᠴᠢᠨ ᠨᠡᠭᠦᠳᠡᠯ ᠮᠠᠯᠵᠢᠯ ᠤᠨ ᠲᠠᠯ᠎ᠠ ᠨᠤᠲᠤᠭ︾ ᠠᠷᠤ ᠬᠤᠷᠴᠢᠨ ᠬᠤᠰᠢᠭᠤᠨ ᠤ ︽ᠳᠢᠶᠠᠨ ᠵᠢᠶᠣᠣ ᠨᠠᠨ ᠶᠣᠸᠠᠨ ᠬᠤᠨᠳᠠᠭᠠᠳᠤ︾ ᠠᠷᠤ ᠲᠠᠪᠤᠨ ᠬᠤᠰᠢᠭᠤ ᠰᠢᠶᠠᠨ ᠤ ᠫᠢᠩᠫᠠᠩ ᠪᠦᠮᠪᠦᠭᠡ ᠶᠢᠨ ᠤᠷᠢᠯᠭ᠎ᠠ ᠶᠢᠨ ᠣᠷᠣᠯᠳᠤᠭᠠᠨ ᠠᠷᠤ ᠬᠤᠷᠴᠢᠨ ᠬᠤᠰᠢᠭᠤᠨ ᠤ ᠪᠥᠬᠦ ᠠᠷᠠᠳ ᠤᠨ ᠪᠡᠶ᠎ᠡ ᠴᠢᠬᠢᠷᠬᠠᠵᠢᠭᠤᠯᠬᠤ ᠲᠥᠪ ᠲᠤ ᠠᠮᠵᠢᠯᠲᠠ ᠲᠠᠢ ᠶᠠᠪᠤᠭᠳᠠᠪᠠ᠃
       ᠣᠷᠣᠯᠳᠤᠭᠠᠨ ᠢ ᠠᠷᠤ ᠬᠤᠷᠴᠢᠨ ᠬᠤᠰᠢᠭᠤᠨ ᠤ ᠫᠢᠩᠫᠠᠨᠭ᠌ ᠪᠦᠮᠪᠦᠭᠡ ᠶᠢᠨ ᠨᠡᠶᠢᠭᠡᠮᠯᠢᠭ ᠭᠤᠤᠯᠯᠠᠨ ᠡᠷᠭᠢᠯᠡᠵᠦ᠂ ᠤᠯᠠᠭᠠᠡᠬᠠᠳᠡ ᠬᠤᠳᠡ ᠶᠢᠨ ᠫᠢᠩᠫᠠᠩ ᠪᠦᠮᠪᠦᠭᠡ ᠶᠢᠨ ᠨᠠᠶᠢᠭᠡᠮᠯᠢᠭ ᠤᠨ ᠪᠠᠶᠢᠩᠭᠤ ᠶᠢᠨ ᠲᠡᠳ᠋ ᠲᠡᠷᠢᠭᠦᠯᠡᠭᠴᠢ ᠳ᠋ᠦᠩ ᠷᠦᠢ ᠹᠠᠩ ᠨᠥᠬᠦᠷ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ ᠣᠷᠣᠯᠳᠤᠭᠠᠨ ᠨᠢ ︽ᠬᠠᠪᠰᠤᠷᠤᠯᠴᠠᠯ᠂ ᠨᠥᠬᠦᠷᠯᠡᠯ᠂ ᠳᠠᠪᠰᠢᠯᠲᠠ︾ ᠪᠠᠷ ᠭᠤᠣᠯ ᠰᠡᠳᠦᠪ ᠪᠣᠯᠭᠠᠨ᠂ ᠭᠠᠵᠠᠷ ᠣᠷᠣᠨ ᠤ ᠬᠤᠭᠤᠷᠤᠨᠳᠤᠬᠢ ᠰᠣᠯᠢᠯᠴᠠᠭ᠎ᠠ ᠪᠠ ᠬᠠᠮᠳᠤᠷᠠᠯᠴᠠᠭ᠎ᠠ ᠪᠠᠨ ᠴᠢᠩᠭᠠᠣᠡᠬᠠᠵᠤ᠂ ᠫᠢᠩᠫᠠᠨᠭ᠌ ᠪᠦᠮᠪᠦᠭᠡ  ᠶᠢᠨ ᠬᠥᠳᠡᠯᠭᠡᠬᠡᠨ ᠤ ᠦᠷᠨᠢᠩᠬᠦᠢ ᠬᠥᠭᠵᠢᠯᠲᠡ ᠶᠢ ᠬᠠᠮᠲᠦ ᠪᠠᠷ ᠠᠬᠢᠭᠤᠯᠬᠤ ᠪᠠᠷ ᠵᠣᠷᠢᠯᠲᠠ ᠪᠣᠯᠭᠠᠵᠤ᠂ ᠤᠯᠠᠭᠠᠡᠬᠠᠳᠠ ᠬᠤᠲᠠ ᠶᠢᠨ ᠬᠤᠶᠢᠲᠤ ᠬᠡᠰᠡᠭ ᠤᠨ ᠬᠤᠰᠢᠭᠤ ᠰᠢᠶᠠᠨ ᠠᠴᠠ ᠢᠷᠡᠭᠰᠡᠨ ᠫᠢᠩᠫᠠᠨᠭ᠌ ᠪᠦᠮᠪᠦᠭᠡ ᠶᠢᠨ ᠲᠤᠷ᠎ᠠ ᠪᠠᠭ᠋ᠠᠳᠠᠣᠨ ᠬᠤᠷᠠᠨ ᠴᠤᠭᠯᠠᠷᠠᠵᠤ᠂ ᠪᠡᠶ᠎ᠡ ᠶᠢᠨ ᠲᠠᠮᠢᠷ ᠤᠨ ᠤᠷᠣᠯᠳᠤᠭᠠᠨ ᠪᠠ ᠨᠥᠬᠦᠷᠯᠡᠯ ᠤᠨ ᠠᠶᠠᠰ ᠢ ᠬᠠᠮᠲᠤ ᠪᠠᠷ ᠬᠠᠩᠭᠢᠨᠠᠭᠤᠯᠪᠠ᠃
       ᠤᠷᠤᠯᠳᠤᠭᠠᠨ ᠨᠢ ᠡᠷᠡᠭᠲᠡᠢ ᠶᠢᠨ ᠪᠦᠯᠬᠦᠮ ᠪᠠ ᠡᠮᠡᠭᠲᠡᠢ ᠶᠢᠨ ᠪᠦᠯᠬᠦᠮ ᠬᠤᠶᠠᠷ ᠲᠦᠷᠦᠯ ᠳᠤ ᠬᠤᠪᠢᠶᠠᠭᠳᠠᠨ ᠶᠠᠪᠤᠭᠳᠠᠵᠤ᠂ ᠲᠣᠰ ᠲᠣᠰ ᠲᠡᠷᠢᠭᠦᠨ ᠲᠡᠳ᠋ ᠢ ᠰᠢᠯᠭᠠᠷᠠᠭᠤᠯᠪᠠ᠃ ᠣᠷᠣᠯᠳᠣᠭᠠᠨ ᠳᠤ  ᠣᠷᠣᠯᠴᠬᠠᠰᠠᠣᠨ ᠴᠤᠭ ᠵᠢᠪᠬᠤᠭ᠎ᠠ ᠪᠠᠳᠠᠷᠠᠩᠭᠤᠢ᠂ ᠪᠥᠬᠦ ᠠᠩᠬᠠᠷᠣᠯ ᠢᠶᠠᠨ ᠲᠥᠪᠯᠡᠷᠡᠭᠦᠯᠦᠨ ᠣᠷᠣᠯᠳᠤᠵᠤ᠂ ᠪᠡᠶ᠎ᠡ  ᠶᠢᠨ ᠲᠡᠮᠢᠷ ᠤᠨ ᠡᠷᠡᠯᠭᠡᠭᠯᠡᠨ ᠲᠡᠮᠡᠴᠡᠬᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠦᠨ᠂ ᠣᠷᠣᠯᠳᠤᠭᠠᠨ ᠤ ᠲᠤᠬᠠᠢ  ᠶᠢᠨ ᠲᠠᠯᠠᠪᠠᠢ ᠬᠥᠷ ᠬᠥᠭᠵᠢᠶᠡᠨ ᠢᠶᠠᠷ ᠪᠢᠯᠬᠠᠯ᠎ᠠ᠃
       ᠠᠷᠤ ᠬᠤᠷᠴᠢᠨ ᠬᠤᠰᠢᠭᠤ ᠨᠢ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠪᠣᠺᠰ ᠤᠨ ᠲᠡᠮᠡᠴᠡᠭᠡᠨ ᠤ ᠮᠥᠩᠭᠦᠨ ᠮᠧᠲᠠᠯᠳᠦ ᠲᠡᠮᠢᠷᠴᠢᠨ ᠶᠠᠩ ᠯᠢᠦ ᠶᠢᠨ ᠲᠥᠷᠥᠭᠰᠡᠨ ᠨᠤᠲᠤᠭ ᠪᠣᠯᠤᠭᠰᠠᠨ ᠤ ᠬᠤᠪᠢ ᠳᠤ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠢᠮᠠᠭᠲᠠ ᠮᠠᠰᠢ ᠴᠢᠬᠤᠯᠠᠴᠢᠯᠠᠭᠰᠠᠭᠠᠷ ᠢᠷᠠᠪᠠ᠃ ᠲᠣᠰ ᠤᠳᠠᠭᠠᠨ ᠤ ᠫᠢᠩᠫᠠᠨᠭ᠌ ᠪᠦᠮᠪᠦᠭᠡ ᠶᠢᠨ ᠤᠷᠢᠯᠭ᠎ᠠ ᠶᠢᠨ ᠤᠷᠣᠯᠳᠤᠭᠠᠨ ᠢ ᠠᠮᠵᠢᠯᠲᠠ ᠲᠠᠢ ᠡᠷᠭᠢᠯᠡᠭᠰᠡᠨ ᠨᠢ ᠤᠯᠠᠭᠠᠡᠬᠠᠳᠠ ᠬᠤᠲᠠ ᠶᠢᠨ ᠬᠤᠶᠢᠲᠤ ᠬᠡᠰᠡᠭ ᠤᠨ ᠬᠤᠰᠢᠭᠤ ᠰᠢᠶᠠᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠠᠬᠤᠮ ᠠᠬᠢᠭᠤᠯᠵᠤ᠂ ᠥᠷᠭᠡᠨ ᠤᠯᠠᠨ ᠲᠦᠮᠡᠨ ᠤ ᠠᠵᠢᠯ ᠤᠨ ᠴᠢᠯᠦᠭᠡᠨ ᠤ ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ᠂ ᠪᠥᠬᠦ ᠠᠷᠠᠳ ᠤᠨ ᠪᠡᠶ᠎ᠡ ᠴᠢᠬᠢᠷᠬᠠᠵᠢᠭᠤᠯᠬᠤ ᠬᠥᠳᠡᠯᠭᠡᠬᠡᠨ ᠤ ᠬᠦᠨᠵᠡᠭᠡᠢ ᠥᠷᠨᠢᠬᠦ ᠶᠢ ᠠᠬᠢᠭᠤᠯᠵᠤ᠂ ᠨᠡᠩ ᠣᠯᠠᠨ ᠬᠥᠮᠥᠰ ᠢ ᠳᠡᠶᠢᠴᠢᠯᠡᠨ ᠪᠡᠶ᠎ᠡ ᠶᠢᠨ ᠲᠠᠮᠢᠷ ᠤᠨ ᠬᠥᠳᠡᠯᠭᠡᠬᠡᠨ ᠳᠤ ᠣᠷᠣᠯᠴᠠᠭᠤᠯᠵᠤ᠂ ᠡᠷᠡᠭᠦᠯ ᠴᠢᠬᠢᠷᠠᠭ᠂ ᠪᠡᠶᠠᠷ ᠵᠢᠷᠭᠠᠯ ᠲᠠᠢ ᠠᠮᠢᠳᠤᠷᠠᠯ ᠢ ᠡᠳ᠋ᠯᠡᠬᠦ ᠳᠤ ᠨᠢ ᠰᠠᠭᠤᠷᠢ ᠪᠣᠯᠤᠭᠰᠠᠨ ᠪᠠᠶᠢᠨ᠎ᠠ᠃ ︵ᠭᠤᠸᠠᠨ ᠰᠢᠶᠣᠣ ᠳ᠋ᠦᠡᠭ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号