ᠬᠤᠰᠢᠭᠤᠨ ᠵᠠᠰᠠᠭ ᠤᠨ ᠣᠷᠳᠣᠨ ᠱᠠᠡᠰᠢ ᠶᠢᠨ ᠬᠤᠸᠠ ᠱᠠᠨ ᠵᠠᠮ ᠬᠦᠭᠦᠷᠭᠡ ᠶᠢᠨ ᠪᠦᠯᠥᠭᠯᠡᠯ᠂ ᠱᠠᠡᠰᠢ  ᠶᠢᠨ ᠬᠤᠸᠠ ᠮᠤ᠋ ᠲᠠᠷᠢᠮᠡᠯ ᠤᠨ ᠦᠢᠯᠡᠰ ᠤᠨ ᠺᠤᠮᠫᠠᠨᠢ ᠲᠠᠢ ᠣᠶᠣᠨᠴᠢ ᠲᠣᠭᠠᠴᠢᠯᠠᠭᠰᠠᠨ ᠮᠠᠯ ᠠᠵᠤ ᠠᠬᠤᠢ ᠶᠢᠨ ᠬᠦᠷᠢᠶᠡᠯᠠᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/8/28
       8 ᠰᠠᠷ᠎ᠠ ᠶᠢᠨ 26 ᠤ ᠦᠳᠡ ᠶᠢᠨ ᠡᠮᠦᠨ᠎ᠡ᠂ ᠬᠤᠰᠢᠭᠤᠨ ᠵᠠᠰᠠᠭ ᠤᠨ ᠣᠷᠳᠣᠨ ᠱᠠᠡᠰᠢ ᠶᠢᠨ ᠬᠤᠸᠠ ᠱᠠᠨ ᠵᠠᠮ ᠬᠥᠭᠦᠷᠭᠡ ᠶᠢᠨ ᠪᠦᠯᠦᠭᠯᠡᠯ᠂ ᠱᠠᠡᠰᠢ ᠶᠢᠨ ᠬᠤᠸᠠ ᠮᠤ᠋ ᠲᠠᠷᠢᠮᠠᠯ ᠤᠨ ᠦᠢᠯᠡᠰ ᠤᠨ ᠺᠣᠮᠫᠠᠨᠢ ᠲᠠᠢ ᠣᠶᠣᠨᠴᠢ ᠲᠤᠭᠠᠴᠢᠯᠠᠭᠰᠠᠨ ᠮᠠᠯ ᠠᠵᠤ ᠠᠬᠤᠢ ᠶᠢᠨ ᠬᠦᠷᠢᠶᠡᠯᠠᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠭᠡᠷ᠎ᠡ ᠲᠣᠭᠳᠠᠬᠤ ᠶᠣᠰᠣᠯᠠᠯ ᠶᠠᠪᠤᠭᠤᠯᠵᠤ᠂ ᠬᠤᠰᠢᠭᠤᠨ ᠨᠠᠮ ᠤᠨ ᠬᠤᠷᠢᠶᠠᠨ ᠤ ᠱᠦᠵᠢ ᠸᠧᠢ ᠪᠢᠯᠢᠭ ᠬᠤᠷᠠᠯ ᠳᠤ ᠣᠷᠣᠯᠴᠠᠨ ᠶᠠᠷᠢᠶ᠎ᠠ ᠲᠠᠯᠪᠢᠵᠦ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠧᠨ ᠬᠤ᠋ ᠨᠠᠨ ᠭᠡᠷ᠎ᠡ ᠲᠣᠭᠲᠠᠬᠤ ᠶᠣᠰᠣᠯᠠᠯ ᠢ ᠡᠷᠭᠢᠯᠡᠪᠡ᠃ ᠱᠠᠨᠰᠢ ᠶᠢᠨ ᠬᠤᠸᠠ ᠱᠠᠨ ᠵᠠᠮ ᠬᠥᠬᠦᠷᠭᠡ ᠶᠢᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠸᠧᠢ᠂ ᠪᠦᠯᠦᠭᠯᠡᠯ ᠤᠨ ᠠᠵᠢᠯᠴᠢᠨ ᠤ ᠡᠪᠯᠡᠯ ᠤᠨ ᠲᠡᠷᠢᠭᠦᠯᠡᠭᠴᠢ ᠵᠠᠩ ᠶᠠᠨ᠂ ᠱᠠᠡᠰᠢ ᠶᠢᠨ ᠬᠤᠸ᠋ᠨ ᠮᠤ᠋ ᠲᠡᠷᠢᠮᠡᠯ ᠤᠨ ᠦᠢᠯᠡᠰ ᠤᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠴᠢᠦᠢ ᠳ᠋ᠤᠸᠠᠨ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂  ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠢᠶᠠ ᡁᠢ ᠬᠤᠩ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠨ ᠰᠢᠤᠸᠠᠢ ᠲᠤᠤ᠂ ᠮᠤ᠋ ᠬᠦᠸᠧ ᠳ᠋ᠦᠩ ᠶᠣᠰᠤᠯᠠᠯ ᠳᠤ ᠣᠷᠣᠯᠴᠠᠵᠠᠢ᠃ ᠶᠣᠰᠣᠯᠠᠯ ᠳᠡᠭᠡᠷ᠎ᠡ᠂ ᠶᠠᠨ ᠰᠢᠤᠸᠠᠢ ᠲᠣᠤ ᠭᠡᠷ᠎ᠡ ᠲᠣᠭᠳᠠᠬᠤ ᠲᠥᠷᠦᠯ ᠵᠦᠢᠯ ᠤᠨ  ᠪᠠᠶᠢᠳᠡᠯ   ᠢ  ᠨᠠᠷᠢᠨ  ᠳᠠᠨᠢᠯᠴᠠᠭᠤᠯᠵᠤ  ᠂ ᠴᠢᠦᠢ ᠳ᠋ᠤᠸᠠᠨ᠂ ᠵᠠᠩ ᠸᠧᠢ ᠲᠣᠰ ᠲᠣᠰ ᠠᠵᠤ ᠠᠬᠤᠶᠢᠯᠠᠯ ᠤᠨ ᠬᠦᠭᠵᠢᠯᠳᠡ ᠶᠢᠨ ᠲᠡᠦᠬᠡᠨ ᠶᠠᠪᠤᠴᠠ᠂ ᠡᠵᠡᠩᠨᠡᠯᠲᠡ ᠶᠢᠨ ᠳᠠᠷᠬᠠᠯᠲᠡ ᠪᠠᠶᠢᠳᠡᠯ ᠪᠠ ᠲᠠᠪᠠᠭᠤᠯᠢᠭ ᠡᠬᠢ ᠪᠠᠶᠠᠯᠢᠭ ᠵᠡᠷᠭᠡ ᠶᠢ ᠲᠠᠨᠢᠯᠴᠠᠭᠤᠯᠪᠡ᠃
       ᠸᠧᠢ ᠪᠢᠯᠢᠭ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠱᠠᠡᠰᠢ ᠶᠢᠨ ᠬᠤᠸᠠ ᠱᠠᠨ ᠵᠠᠮ ᠬᠥᠬᠦᠷᠭᠡ ᠶᠢᠨ ᠪᠦᠯᠦᠭᠯᠡᠯ᠂ ᠱᠠᠡᠰᠢ ᠶᠢᠨ ᠬᠤᠸᠠ ᠮᠤ᠋ ᠲᠠᠷᠢᠮᠡᠯ ᠤᠨ ᠦᠢᠯᠡᠰ ᠤᠨ ᠺᠣᠮᠫᠠᠨᠢ ᠠᠷᠤ ᠬᠤᠷᠴᠢᠨ ᠬᠤᠰᠢᠭᠤᠨ ᠳᠤ ᠪᠡᠯᠡ ᠤᠷᠤᠭᠤᠯᠤᠨ ᠬᠠᠮᠲᠤᠷᠠᠨ ᠠᠵᠢᠯᠯᠡᠵᠦ᠂ ᠭᠠᠷ ᠬᠤᠯᠪᠣᠨ ᠬᠥᠭᠵᠢᠯᠲᠡ ᠶᠢᠨ ᠵᠠᠮ ᠢ ᠬᠠᠮᠲᠦ ᠪᠠᠷ ᠰᠦᠪᠡᠭᠴᠢᠯᠡᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠣᠭᠳᠤᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠲᠣᠰ ᠬᠤᠶᠠᠷ ᠺᠤᠮᠫᠠᠨᠢ ᠨᠢ ᠴᠥᠮ ᠠᠵᠢᠯ ᠲᠦᠷᠤᠯ ᠤᠨ ᠳᠣᠳᠤᠷᠠᠬᠢ ᠳᠠᠭᠠᠭᠤᠯᠤᠭᠴᠢ ᠠᠵᠤ ᠠᠬᠤᠶᠢᠯᠠᠯ ᠪᠠᠶᠢᠵᠤ᠂ ᠲᠣᠰ ᠲᠣᠰ ᠢᠡᠵᠧᠨᠧᠷᠢᠩ ᠤᠨ ᠲᠦᠰᠦᠪᠯᠠᠯ ᠪᠠᠶᠢᠭᠤᠯᠤᠯᠲᠠ᠂ ᠮᠠᠯ ᠲᠡᠵᠢᠭᠡᠪᠦᠷᠢ ᠲᠡᠵᠢᠭᠡᠨ ᠥᠷᠡᠵᠢᠭᠦᠯᠵᠦ ᠪᠣᠷᠣᠯᠠᠭᠤᠯᠬᠤ ᠬᠦᠷᠢᠶᠡᠨ ᠳᠤ ᠨᠡᠯᠢᠶᠡᠳ ᠴᠢᠩᠭ᠎ᠠ ᠪᠡᠯᠡ ᠮᠥᠩᠬᠦ ᠪᠠ ᠮᠡᠷᠭᠡᠵᠢᠯ ᠤᠨ ᠪᠣᠳᠠᠲᠤ ᠬᠦᠴᠦᠨ ᠲᠠᠢ ᠪᠥᠭᠡᠳ ᠡᠯᠪᠡᠭ ᠪᠠᠶᠠᠯᠢᠭ ᠡᠵᠡᠩᠨᠡᠯᠲᠡ ᠬᠠᠮᠢᠶᠡᠷᠦᠯᠲᠡ ᠶᠢᠨ ᠲᠤᠷᠰᠢᠯᠭ᠎ᠠ ᠲᠠᠢ ᠶᠤᠮ᠃ ᠠᠷᠤ ᠬᠤᠷᠴᠢᠨ ᠬᠤᠰᠢᠭᠤ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠠ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠬᠤ ᠵᠠᠩᠭᠢᠯᠠᠭ᠎ᠠ  ᠶᠢᠨ ᠬᠤᠭᠤᠴᠠᠭᠠᠨ ᠳᠤ᠂ ᠱᠠᠡᠰᠢ ᠶᠢᠨ ᠬᠤᠸᠠ ᠱᠠᠨ ᠵᠠᠮ ᠬᠥᠬᠦᠷᠭᠡ ᠶᠢᠨ ᠪᠦᠯᠦᠭᠯᠡᠯ᠂ ᠱᠠᠡᠰᠢ ᠶᠢᠨ ᠬᠤᠸᠠ ᠮᠤ᠋ ᠲᠡᠷᠢᠮᠡᠯ ᠤᠨ ᠦᠢᠯᠡᠰ ᠤᠨ ᠺᠣᠮᠫᠠᠨᠢ ᠬᠦᠴᠦᠷᠭᠡᠭ ᠨᠢ ᠬᠦᠴᠦᠷᠭᠡᠭ ᠲᠠᠢ ᠪᠠᠨ ᠬᠤᠯᠪᠣᠭᠠᠯᠠᠵᠦ᠂ ᠠᠷᠤ ᠬᠤᠷᠴᠢᠨ ᠬᠤᠰᠢᠭᠤ ᠲᠠᠢ ᠬᠠᠮᠵᠢᠯᠴᠠᠨ ᠣᠶᠣᠨᠴᠢ ᠲᠤᠭᠠᠴᠢᠯᠠᠭᠰᠠᠨ ᠮᠠᠯ ᠠᠵᠤ ᠠᠬᠤᠢ ᠶᠢᠨ ᠬᠦᠷᠢᠶᠡᠯᠠᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠭᠳᠠᠬᠤ ᠶᠢ ᠠᠬᠢᠭᠤᠯᠵᠤ᠂ ᠠᠷᠤ ᠬᠤᠷᠴᠢᠨ ᠬᠤᠰᠢᠭᠤᠨ ᠤ ᠮᠠᠯ ᠠᠵᠤ ᠠᠬᠤᠢ ᠶᠢᠨ ᠴᠢᠨᠠᠷ ᠰᠠᠶᠢᠲᠡᠢ ᠬᠥᠭᠵᠢᠯᠲᠡ ᠳᠤ ᠬᠦᠴᠦᠲᠡᠢ ᠬᠥᠳᠡᠯᠭᠡᠭᠴᠢ ᠬᠦᠴᠦᠨ ᠥᠭᠴᠦ᠂ ᠠᠯᠤᠰ ᠬᠡᠲᠦ ᠶᠢᠨ ᠨᠥᠯᠥᠭᠡ ᠦᠵᠡᠭᠦᠯᠬᠦ ᠨᠢ ᠯᠠᠪᠲᠠᠢ ᠶᠤᠮ᠃ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠭᠡᠷ᠎ᠡ ᠲᠤᠭᠳᠠᠬᠤ ᠪᠠᠷ ᠠᠵᠠ ᠲᠤᠬᠢᠶᠠᠯ ᠪᠣᠯᠭᠠᠵᠤ᠂ ᠨᠡᠩ ᠥᠷᠭᠡᠨ ᠬᠦᠷᠢᠶ᠎ᠡ ᠬᠡᠪᠴᠢᠶ᠎ᠡ᠂ ᠨᠡᠩ ᠬᠦᠨ ᠲᠠᠪᠬᠤᠷᠭ᠎ᠠ ᠠᠴᠠ ᠪᠣᠳᠠᠲᠠᠢ ᠶᠢ ᠡᠷᠭᠢᠮᠯᠡᠭᠰᠡᠨ ᠬᠠᠮᠲᠤᠷᠠᠯᠴᠠᠭ᠎ᠠ ᠥᠷᠨᠢᠭᠦᠯᠦᠨ᠂ ᠬᠠᠷᠢᠯᠴᠠᠨ ᠠᠰᠢᠠᠨᠲᠠᠢ ᠬᠠᠮᠲᠤ ᠪᠠᠷ ᠠᠰᠢᠭ ᠬᠥᠷᠲᠠᠨ᠂ ᠬᠠᠮᠲᠤ ᠪᠠᠷ ᠬᠥᠭᠵᠢᠬᠦ ᠶᠢ ᠬᠥᠰᠡᠵᠤ ᠪᠠᠶᠢᠨ᠎ᠠ ᠭᠡᠵᠠᠢ᠃
       ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠤ᠋ ᠬᠦᠸᠧ ᠳ᠋ᠦᠩ ᠪᠣᠯᠣᠨ ᠱᠠᠡᠰᠢ ᠶᠢᠨ ᠬᠤᠸᠠ ᠱᠠᠨ ᠵᠠᠮ ᠬᠥᠭᠭᠦᠷᠭᠡ ᠶᠢᠨ ᠪᠦᠯᠦᠭᠯᠡᠯ ᠤᠨ ᠠᠵᠢᠯᠴᠢᠨ ᠤ ᠡᠪᠯᠡᠯ ᠤᠨ ᠲᠡᠷᠢᠭᠦᠯᠡᠭᠴᠢ ᠵᠠᠩ ᠶᠠᠨ᠂ ᠱᠠᠡᠰᠢ ᠶᠢᠨ ᠬᠤᠸᠠ ᠮᠤ᠋ ᠲᠡᠷᠢᠮᠡᠯ ᠤᠨ ᠦᠢᠯᠡᠰ ᠤᠨ ᠺᠤᠮᠫᠠᠨᠢ ᠶᠢᠨ ᠶᠡᠷᠦᠩᠬᠡᠢ ᠳᠠᠭᠠᠭᠠᠮᠠᠯ ᠴᠢᠦᠢ ᠳ᠋ᠤᠸᠠᠨ ᠣᠷᠣᠨ ᠨᠤᠲᠤᠭ ᠠᠵᠤ ᠠᠬᠤᠶᠢᠯᠠᠯ ᠢ ᠲᠥᠯᠥᠭᠡᠯᠡᠨ ᠬᠤᠶᠠᠷ ᠲᠠᠯ᠎ᠠ ᠪᠠᠷ ᠢᠶᠠᠨ ᠲᠥᠷᠦᠯ ᠵᠦᠢᠯ ᠤᠨ ᠬᠠᠮᠳᠤᠷᠠᠯᠴᠠᠭᠠᠨ ᠤ ᠵᠦᠪᠯᠡᠯᠴᠡᠭᠡᠷ ᠲᠣᠭᠳᠠᠪᠠ᠃ ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠪᠠ ᠪᠡᠯᠡ ᠤᠷᠤᠭᠤᠯᠤᠯᠳᠠ ᠶᠢ ᠠᠬᠢᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠢ ᠰᠢᠭᠤᠢ ᠪᠠ ᠨᠤᠲᠤᠭ ᠪᠠᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ  ᠶᠢᠨ ᠲᠣᠪᠴᠢᠶ᠎ᠠ᠂ ᠠᠮᠢ ᠠᠬᠤᠢ ᠣᠷᠴᠢᠨ ᠲᠤᠭᠤᠷᠢᠨ ᠤ ᠠᠷᠤ ᠬᠤᠷᠴᠢᠨ ᠬᠤᠰᠢᠭᠤᠨ ᠳᠠᠬᠢ ᠬᠤᠪᠢᠶᠠᠷᠢ ᠲᠣᠪᠴᠢᠶ᠎ᠠ ᠵᠢᠴᠢ ᠱᠠᠡᠰᠢ ᠶᠢᠨ ᠬᠤᠸᠠ ᠱᠠᠨ ᠵᠠᠮ ᠬᠥᠬᠦᠷᠭᠡ ᠶᠢᠨ ᠪᠦᠯᠦᠭᠯᠡᠯ᠂ ᠱᠠᠡᠰᠢ ᠶᠢᠨ ᠬᠤᠸᠠ ᠮᠤ᠋ ᠲᠠᠷᠢᠮᠠᠯ ᠤᠨ ᠦᠢᠯᠡᠰ ᠤᠨ ᠺᠣᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠳᠠᠨ ᠨᠥᠬᠦᠳ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃ ︵ᠯᠢᠤ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号