8 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠵᠦᠩ ᠬᠤᠸᠠ ᠬᠤᠪᠢ ᠡᠵᠡᠮᠳᠡᠭᠰᠡᠨ ᠬᠢᠵᠠᠭᠠᠷᠲᠤ | ᠬᠠᠷᠢᠭᠤᠴᠠᠯᠭᠠᠳᠤ ᠺᠣᠮᠫᠠᠨᠢ᠂ ᠳᠤᠮᠳᠠᠳᠤ ᠤᠯᠤᠰ ᠤᠨ ᠬᠡᠦᠬᠡᠳ ᠪᠠᠭᠠᠴᠤᠳ ᠤᠨ ᠰᠠᠭᠤᠷᠢ ᠮᠥᠩᠭᠦᠨ ᠤ ᠨᠡᠶᠢᠭᠡᠮᠯᠢᠭ | ᠭᠤᠤᠯᠯᠠᠨ ᠡᠷᠭᠢᠯᠡᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠠᠩ ᠤᠨ ᠰᠡᠳᠬᠢᠴᠡ ᠶᠢᠨ | ᠰᠤᠳᠤᠯᠭᠠᠨ ᠤ ᠭᠠᠵᠡᠷ᠂ ᠳᠤᠮᠳᠠᠳᠤ ᠤᠯᠤᠰ ᠤᠨ ᠰᠡᠳᠬᠢᠴᠡ ᠵᠦᠢ ᠶᠢᠨ ᠨᠡᠶᠢᠭᠡᠮᠯᠢᠭ ᠳᠡᠮᠵᠢᠯᠭᠡ ᠦᠵᠡᠭᠦᠯᠵᠦ᠂ | ᠪᠡᠭᠡᠵᠢᠩ ᠳᠠᠬᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠠᠩ ᠤᠨ ᠰᠡᠳᠬᠢᠴᠡ ᠶᠢᠨ ᠲᠤᠰᠠᠯᠠᠮᠵᠢ | ᠶᠢᠨ ᠲᠥᠪ᠂ ᠬᠤᠰᠢᠭᠤᠨ ᠰᠤᠷᠭᠠᠨ ᠬᠥᠮᠥᠵᠢᠯ ᠤᠨ ᠲᠣᠪᠴᠢᠶ᠎ᠠ ᠬᠠᠮᠵᠢᠨ ᠡᠷᠭᠢᠯᠡᠭᠰᠡᠨ ︽ᠢᠷᠡᠭᠡᠳᠦᠢ ᠪᠣᠯᠤᠭᠰᠠᠨ | ᠰᠤᠷᠤᠭᠴᠢᠳ ᠢᠶᠠᠨ ᠰᠢᠮᠡᠵᠢᠭᠦᠯᠦᠨ ᠬᠥᠮᠥᠵᠢᠭᠦᠯᠬᠦ︾ ᠰᠤᠷᠬᠠᠭᠤᠯᠢ ᠶᠢᠨ ᠰᠡᠣᠡᠬᠢᠴᠨ ᠶᠢᠨ ᠡᠷᠡᠭᠦᠯ ᠮᠡᠨᠲᠦ ᠶᠢᠨ | ᠬᠥᠮᠦᠵᠢᠯ ᠤᠨ ᠲᠤᠰᠬᠠᠢ ᠰᠡᠳᠦᠪᠲᠦ ᠪᠣᠯᠪᠠᠰᠤᠷᠡᠯ ᠵᠢᠩᠬᠢᠨᠢ ᠪᠠᠷ ᠡᠬᠢᠯᠡᠪᠡ᠃ | | | | ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ | ᠳᠡᠳ᠋ ᠳᠠᠷᠤᠭ᠎ᠠ ᠸᠠᠩ ᠶᠤᠸᠠᠨ ᠪᠢᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠲᠠᠩ ᠲᠢᠩ ᠲᠢᠩ | ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠲᠠᠩ ᠲᠢᠩ ᠲᠢᠩ ᠶᠣᠰᠣᠯᠠᠯ ᠢ ᠡᠷᠭᠢᠯᠡᠪᠠ᠃ ᠯᠢᠦ ᠵᠧᠩ ᠺᠦᠢ᠂ | ᠬᠠᠨ ᠷᠦ᠋᠂ ᠪᠠᠢ ᠶᠦᠨ ᠭᠧ᠂ ᠬᠤᠸᠠᠩ ᠵᠧᠩ ᠵᠡᠷᠭᠡ ᠲᠥᠷᠪᠡᠨ ᠲᠣᠰᠬᠠᠢ ᠮᠡᠷᠭᠡᠵᠢᠯᠲᠡᠨ ᠢ ᠲᠣᠰ ᠤᠳᠠᠭᠠᠨ ᠤ | ᠪᠣᠯᠪᠠᠰᠤᠷᠠᠯ ᠤᠨ ᠯᠧᠺᠲ᠋ᠣᠷ ᠢᠶᠠᠷ ᠤᠷᠢᠵᠤ ᠬᠢᠴᠢᠶᠡᠯ ᠬᠢᠯᠭᠡᠨ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ | ᠰᠣᠷᠭᠠᠭᠤᠯᠢ ᠶᠢᠨ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ᠂ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ | ᠶᠢᠨ ᠡᠷᠬᠢᠯᠡᠭᠴᠢ᠂ ᠬᠤᠰᠢᠭᠤᠨ ᠰᠡᠳᠬᠢᠴᠠ ᠶᠢᠨ ᠡᠷᠡᠭᠦᠯ ᠮᠡᠨᠳᠤ ᠶᠢᠨ ᠵᠢᠭᠠᠨ ᠰᠤᠳᠤᠯᠤᠭᠴᠢ᠂ ᠳᠤᠮᠳᠠᠳᠤ ᠪᠠᠭ᠎ᠠ | ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠲᠤ ᠶᠢᠨ ᠪᠠᠭᠰᠢ ᠵᠡᠷᠬᠡ 250 ᠭᠠᠷᠤᠢ ᠬᠥᠮᠥᠨ ᠪᠣᠯᠪᠠᠰᠣᠷᠡᠯ ᠳᠤ | ᠣᠷᠣᠯᠴᠠᠪᠠ᠃ | | | | ᠸᠠᠩ ᠶᠤᠸᠠᠨ ᠪᠢᠨ ᠪᠣᠯᠪᠠᠰᠤᠷᠠᠯ ᠡᠬᠢᠯᠡᠬᠦ ᠶᠣᠰᠣᠯᠠᠯ ᠳᠡᠭᠡᠷ᠎ᠡ ᠪᠡᠶᠠᠷ ᠤᠨ ᠦᠭᠡ ᠬᠡᠯᠡᠵᠦ᠂ ᠳᠤᠮᠳᠠᠳᠤ | ᠤᠯᠤᠰ ᠤᠨ ᠵᠦᠩ ᠬᠤᠸᠠ ᠪᠦᠯᠦᠭᠯᠡᠯ ᠪᠠ ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠢ ᠲᠥᠯᠥᠭᠡᠯᠡᠨ ᠬᠦᠷᠦᠯᠴᠡᠨ ᠢᠷᠡᠭᠰᠡᠨ ᠯᠢᠦ ᠵᠧᠩ ᠺᠦᠢ ᠫᠷᠤᠹᠧᠰᠰᠣᠷ ᠨᠠᠷ ᠢ ᠬᠠᠯᠠᠭᠤᠨ ᠢᠶᠠᠷ ᠤᠭᠳᠤᠵᠤ | ᠪᠠᠶᠢᠬᠤ ᠪᠠᠨ ᠢᠯᠡᠳᠬᠡᠨ᠂ ᠲᠣᠰ ᠤᠳᠠᠭᠠᠨ ᠤ ᠪᠤᠯᠪᠠᠰᠤᠷᠠᠯ ᠤᠨ ᠡᠭᠦᠷᠭᠡ ᠶᠢ ᠵᠣᠬᠢᠶᠠᠨ ᠪᠠᠶᠢᠭᠤᠯᠤᠭᠰᠠᠨ ᠪᠠᠭᠰᠢ ᠨᠠᠷ | ᠲᠤ ᠴᠢᠩ ᠰᠡᠳᠬᠢᠯ ᠤᠨ ᠲᠠᠯᠠᠷᠠᠬᠠᠯ ᠢᠶᠠᠨ ᠳᠡᠪᠰᠢᠭᠦᠯᠬᠦ ᠶᠢᠨ ᠬᠠᠮᠲᠤ᠂ ᠪᠣᠯᠪᠠᠰᠤᠷᠠᠯ ᠳᠤ ᠣᠷᠣᠯᠴᠠᠭᠰᠠᠨ ᠪᠠᠭᠰᠢ | ᠨᠠᠷ ᠢ ᠨᠠᠩ ᠤᠯᠠᠨ ᠰᠡᠳᠬᠢᠴᠠ ᠶᠢᠨ ᠡᠷᠡᠭᠦᠯ ᠮᠡᠨᠲᠦ ᠶᠢᠨ ᠮᠡᠳᠡᠯᠭᠡ ᠪᠠ ᠤᠷ᠎ᠠ ᠴᠢᠳᠡᠪᠤᠷᠢ ᠶᠢ ᠡᠵᠡᠮᠰᠢᠨ᠂ | ᠰᠤᠷᠤᠭᠴᠢᠳ ᠤᠨ ᠰᠡᠳᠬᠢᠴᠠ ᠶᠢᠨ ᠠᠰᠠᠭᠤᠳᠠᠯ ᠢ ᠨᠡᠩ ᠰᠠᠶᠢᠲᠤᠷ ᠢᠯᠭᠠᠨ ᠲᠠᠨᠢᠵᠤ᠂ ᠰᠤᠷᠤᠭᠴᠢᠳ ᠲᠤ ᠴᠠᠭ | ᠲᠤᠬᠠᠢ ᠳᠤᠨᠢ ᠪᠦᠲᠦᠮᠵᠢᠲᠡᠢ ᠬᠠᠪᠰᠣᠷᠣᠯᠭ᠎ᠠ ᠪᠠ ᠳᠡᠮᠵᠢᠯᠭᠡ ᠦᠵᠡᠭᠦᠯᠦᠨ᠂ ᠢᠳᠡᠪᠬᠢᠲᠡᠢ᠂ ᠡᠷᠡᠭᠦᠯ ᠴᠢᠬᠢᠷᠠᠭ᠂ | ᠡᠶ᠎ᠡ ᠵᠣᠬᠢᠴᠡᠯ ᠲᠠᠢ ᠰᠤᠷᠭᠠᠭᠤᠯᠢ ᠶᠢᠨ ᠬᠦᠷᠢᠶᠡᠨ ᠤ ᠰᠡᠳᠬᠢᠴᠠ ᠶᠢᠨ ᠣᠷᠴᠢᠨ ᠨᠦᠬᠦᠴᠡᠯ ᠢ ᠴᠢᠷᠮᠠᠶᠢᠨ ᠪᠤᠢ | ᠪᠣᠯᠭᠠᠵᠤ᠂ ᠰᠤᠷᠤᠭᠴᠢ ᠨᠢᠭᠡᠪᠦᠷᠢ ᠶᠢ ᠬᠠᠶᠢᠷ᠎ᠠ ᠬᠠᠯᠠᠮᠵᠢ ᠶᠢᠨ ᠳᠤᠮᠳᠠ ᠢᠳᠡᠷᠡᠭᠦᠨ ᠢᠶᠠᠷ ᠦᠰᠦᠨ ᠪᠣᠶᠢᠵᠢᠭᠤᠯᠬᠤ | ᠶᠢ ᠬᠦᠰᠡᠵᠦ ᠪᠠᠶᠢᠨ᠎ᠠ ᠭᠡᠪᠡ᠃ | | | | ᠯᠢᠦ ᠵᠧᠩ ᠺᠦᠢ ︽ᠢᠷᠡᠭᠡᠳᠦᠢ ᠪᠣᠯᠦᠭ᠌ᠰᠠᠨ ᠰᠣᠷᠣᠡᠡᠴᠢᠤᠨ ᠢᠶᠠᠨ ᠰᠢᠮᠡᠵᠢᠭᠦᠯᠦᠨ ᠬᠥᠮᠥᠵᠢᠭᠦᠯᠬᠦ︾ | ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠲᠦ ᠶᠢᠨ ᠬᠥᠮᠥᠦᠵᠢᠯ ᠤᠨ ᠲᠤᠰᠬᠠᠢ ᠰᠠᠳᠦᠪᠲᠤ ᠪᠣᠯᠪᠠᠰᠤᠷᠠᠯ ᠤᠨ | ᠶᠡᠷᠦᠩᠬᠡᠢ ᠪᠠᠶᠢᠳᠠᠯ᠂ ᠴᠢᠬᠤᠯᠠ ᠠᠴᠢ ᠬᠤᠯᠪᠣᠭᠳᠠᠯ ᠤᠨ ᠲᠤᠬᠠᠢ ᠲᠠᠨᠢᠯᠴᠠᠭᠤᠯᠭ᠎ᠠ ᠪᠠ ᠲᠣᠳᠣᠷᠬᠠᠶᠢᠯᠠᠯᠲᠠ ᠬᠢᠵᠦ᠂ | ᠳᠠᠷᠠᠭᠠᠴᠢ ᠶᠢᠨ ᠰᠤᠷᠤᠯᠴᠠᠯᠭ᠎ᠠ ᠪᠠ ᠠᠵᠢᠯ ᠤᠨ ᠲᠤᠬᠠᠢ ᠶᠠᠷᠢᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ | ᠶᠠᠪᠤᠭᠳᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠠ ᠶᠢᠨ ᠡᠷᠡᠭᠦᠯ ᠮᠠᠨᠲᠤ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ᠂ ᠰᠤᠷᠣᠭᠴᠢᠳ ᠤᠨ ᠰᠡᠳᠬᠢᠴᠠ ᠶᠢᠨ ᠠᠰᠠᠭᠤᠳᠠᠯ ᠤᠨ ᠠᠩᠬᠠᠨ ᠤ ᠢᠯᠭᠠᠨ | ᠲᠠᠨᠢᠯᠲᠠ ᠵᠢᠴᠢ ᠠᠷᠭᠠᠴᠠᠭᠠᠯᠳᠡ᠂ ᠰᠡᠳᠬᠢᠴᠡ ᠶᠢᠨ ᠵᠥᠪᠯᠡᠯᠭᠡ ᠥᠭᠬᠦ ᠦᠨᠳᠦᠰᠦᠨ ᠤᠨᠤᠯ᠂ ᠦᠨᠳᠦᠰᠦᠨ | ᠮᠡᠷᠭᠡᠵᠢᠯ ᠪᠠ ᠦᠢᠯᠡᠳᠦᠯᠭᠡ ᠵᠡᠷᠭᠡ ᠲᠠᠯ᠎ᠠ ᠪᠠᠷ ᠪᠣᠯᠪᠠᠰᠤᠷᠠᠯ ᠬᠦᠷᠲᠡᠭᠡᠬᠦ ᠪᠣᠯᠣᠨ᠎ᠠ᠃ ︵ᠴᠠᠯᠮᠡᠭ︶ |