8 ᠰᠠᠷ᠎ᠠ ᠶᠢᠨ 27 ᠤ ᠡᠳᠦᠷ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ | ᠰᠤᠷᠤᠯᠴᠠᠬᠤ ᠭᠤᠣᠯᠯᠠᠬᠤ ᠲᠤᠭᠤᠶᠢᠯᠠᠩ ᠤᠨ ︵ᠦᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠣᠭᠤᠰᠢᠯᠠᠭᠤᠯᠠᠬᠤ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠦᠨ ᠲᠠᠶᠢᠯᠪᠦᠷᠢᠯᠠᠬᠤ ᠪᠦᠯᠬᠦᠮ ᠤᠨ | ᠮᠡᠳᠡᠭᠦᠯᠦᠯᠲᠡ ᠶᠢᠨ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠤᠨ ᠳᠠᠶᠢᠯᠪᠤᠷᠢᠯᠠᠬᠤ | ᠪᠦᠯᠬᠦᠮ ᠤᠨ ᠪᠦᠷᠢᠯᠳᠦᠭᠦᠨ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ | ᠰᠤᠷᠭᠠᠭᠤᠯᠢ ᠶᠢᠨ ᠫᠷᠤᠹᠧᠰᠰᠣᠷ ᠵᠠᠩ ᠰᠢ ᠮᠧᠢ ᠭᠤᠣᠯ ᠰᠡᠳᠦᠪᠲᠦ ᠮᠡᠳᠡᠭᠦᠯᠦᠯᠲᠡ ᠬᠢᠪᠡ᠃ ᠬᠤᠰᠢᠭᠤᠨ ᠨᠠᠮ ᠤᠨ | ᠬᠤᠷᠢᠶᠠᠨ ᠤ ᠣᠨᠤᠯ ᠰᠤᠷᠤᠯᠴᠠᠬᠤ ᠭᠤᠣᠯᠯᠠᠬᠤ ᠲᠤᠭᠤᠶᠢᠯᠠᠩ ᠤᠨ ᠪᠦᠷᠢᠯᠳᠦᠭᠦᠨ ᠵᠢᠴᠢ ᠬᠤᠰᠢᠭᠤᠨ ᠳᠤ ᠪᠠᠨ | ᠪᠠᠶᠢᠭ᠎ᠠ ᠰᠢᠶᠠᠨ ᠭᠠᠵᠠᠷ ᠤᠨ ᠲᠠᠰ ᠤᠨ ᠤᠳᠤᠷᠢᠳᠬᠤ ᠨᠥᠬᠦᠳ᠂ ᠰᠤᠮᠤ ᠰᠢᠶᠠᠩ ᠪᠠᠯᠭᠠᠰᠤ᠂ ᠵᠡᠬᠡᠯᠢ ᠭᠤᠳᠤᠮᠵᠢ | ᠶᠢᠨ ᠲᠡᠳ᠋ ᠰᠠᠯᠠᠭᠠᠨ ᠳᠡᠰ ᠠᠴᠠ ᠳᠡᠭᠡᠭᠰᠢᠬᠢ ᠺᠠᠳ᠋ᠷ᠂ ᠵᠡᠬᠡᠯᠢ ᠭᠤᠳᠤᠮᠵᠢ ᠶᠢᠨ ᠤᠬᠠᠭᠤᠯᠠᠬᠤ ᠭᠡᠰᠢᠭᠦᠨ᠂ | ᠬᠤᠰᠢᠭᠤᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠲᠡᠳ᠋ ᠰᠠᠯᠠᠭᠠᠨ ᠲᠠᠰ ᠠᠴᠠ ᠳᠡᠭᠡᠭᠰᠢᠬᠢ ᠺᠠᠳ᠋ᠷ᠂ ᠨᠠᠮ ᠤᠨ ᠠᠯᠪᠠᠨ ᠭᠡᠷ ᠤᠨ ᠡᠷᠭᠢᠯᠡᠭᠴᠢ᠂ ᠨᠠᠮ ᠤᠨ | ᠰᠤᠷᠭᠠᠭᠤᠯᠢ ᠶᠢᠨ ᠪᠠᠭᠰᠢ᠂ ᠡᠯ᠎ᠡ ᠠᠷᠠᠳ ᠤᠨ ᠪᠦᠯᠬᠦᠮ᠂ ᠲᠥᠪ ᠣᠷᠣᠨ ᠬᠤᠲᠠ ᠶᠢᠨ ᠠᠷᠤ ᠬᠤᠷᠴᠢᠨ | ᠬᠤᠰᠢᠭᠤᠨ ᠳᠤ ᠰᠠᠭᠤᠭ᠎ᠠ ᠡᠯ᠎ᠡ ᠨᠢᠭᠡᠴᠢ᠂ ᠤᠯᠤᠰ ᠤᠨ ᠦᠮᠴᠢᠯᠠᠯ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ | ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃ | ᠬᠤᠰᠢᠭᠤᠨ ᠨᠠᠮ ᠤᠨ ᠬᠤᠷᠢᠶᠠᠨ ᠤ ᠱᠦᠵᠢ ᠸᠧᠢ ᠪᠢᠯᠢᠭ ᠬᠤᠷᠠᠯ ᠢ ᠡᠷᠭᠢᠯᠡᠪᠠ᠃ | | | | | ᠵᠠᠩ ᠰᠢ ᠮᠧᠢ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭᠠᠨ ᠤ ᠳᠠᠶᠢᠯᠤᠮᠵᠢ︾ ᠭᠡᠬᠦ ᠰᠡᠳᠦᠪ ᠢᠶᠠᠷ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠳᠤ ᠪᠥᠬᠦ ᠲᠠᠯ᠎ᠠ ᠪᠠᠷ | ᠰᠢᠰᠲ᠋ᠧᠮ ᠲᠠᠢ᠂ ᠬᠦᠨᠵᠡᠭᠡᠢ ᠪᠥᠭᠡᠳ ᠣᠶᠢᠯᠠᠭᠠᠮᠵᠢᠲᠡᠢ ᠳᠠᠶᠢᠯᠪᠤᠷᠢᠯᠠᠯᠲᠠ ᠪᠠ ᠵᠢᠯᠤᠭᠤᠳᠤᠯᠭ᠎ᠠ ᠬᠢᠪᠡ᠃ | ᠤᠬᠠᠭᠤᠯᠤᠨ ᠲᠠᠶᠢᠯᠪᠤᠷᠢᠯᠠᠯᠲᠠ ᠨᠢ ᠶᠠᠪᠤᠴᠠ ᠲᠣᠳᠣᠷᠬᠠᠢ᠂ ᠠᠭᠤᠯᠭ᠎ᠠ ᠨᠠᠷᠢᠨ ᠪᠣᠳᠠᠲᠠᠢ᠂ ᠭᠤᠣᠯᠳᠠᠯᠭ᠎ᠠ ᠲᠣᠪᠤᠶᠢᠮ᠎ᠠ | ᠮᠥᠷᠲᠡᠭᠡᠨ ᠬᠢᠯᠪᠠᠷ ᠣᠶᠢᠯᠠᠭᠠᠮᠵᠢᠲᠠᠢ᠂ ᠤᠨᠤᠯ ᠤᠨ ᠦᠨᠳᠦᠷᠴᠡ ᠪᠠ ᠦᠢᠯᠡᠳᠦᠯᠭᠡ ᠶᠢᠨ ᠬᠦᠨᠴᠡ ᠲᠠᠢ ᠪᠠᠶᠢᠵᠦ᠂ | ᠦᠭᠡᠷᠡᠴᠢᠯᠡᠯᠲᠠ ᠶᠢ ᠤᠯᠠᠮ ᠴᠢᠨᠠᠭᠰᠢᠳᠠ ᠬᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ᠂ ᠶᠡᠷᠦᠩᠬᠡᠢ | ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠢ ᠣᠶᠢᠯᠠᠭᠠᠨ ᠡᠵᠡᠮᠰᠢᠭᠦᠯᠵᠦ᠂ ᠣᠳᠤᠬᠠᠨ ᠤ ᠪᠠ | ᠬᠤᠶᠢᠰᠢᠳᠡ ᠶᠢᠨ ᠬᠡᠰᠡᠭ ᠬᠤᠭᠤᠴᠠᠭᠠᠨ ᠤ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠡᠯ᠎ᠡ ᠵᠦᠢᠯ ᠤᠨ ᠦᠭᠡᠷᠡᠴᠢᠯᠡᠯᠲᠡ ᠶᠢᠨ | ᠡᠭᠦᠷᠭᠡ ᠶᠢ ᠰᠠᠶᠢᠲᠦᠷ ᠨᠠᠶᠢᠳᠠᠪᠤᠷᠢᠵᠢᠭᠤᠯᠠᠬᠤ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ | | | | | ᠸᠧᠢ ᠪᠢᠯᠢᠭ ᠴᠢᠬᠤᠯᠠᠴᠢᠯᠠᠭᠰᠠᠨ ᠨᠢ᠂ ᠲᠤᠰ ᠤᠳᠠᠭ᠎ᠠ ᠶᠢᠨ ᠲᠤᠰᠬᠠᠢ ᠰᠡᠳᠦᠪᠲᠤ ᠮᠡᠳᠡᠭᠦᠯᠦᠯᠲᠡ ᠶᠢᠨ | ᠬᠤᠷᠠᠯ ᠢᠶᠠᠷ ᠠᠵᠠ ᠲᠣᠬᠢᠶᠠᠯ ᠪᠣᠯᠭᠠᠵᠤ᠂ ᠭᠦᠨᠵᠡᠭᠡᠢ ᠰᠤᠷᠤᠯᠴᠡᠨ ᠨᠠᠷᠢᠨ ᠤᠬᠠᠵᠤ᠂ ᠲᠤᠲᠤᠭᠠᠳᠤ ᠳᠠᠭᠠᠨ | ᠤᠯᠠᠷᠢᠭᠤᠯᠬᠤ ᠳᠡᠭᠡᠷ᠎ᠡ ᠬᠦᠴᠥ ᠳᠡᠯᠪᠢᠵᠦ᠂ ᠪᠦᠭᠦᠳᠡ ᠬᠤᠷᠠᠯ ᠤᠨ ᠵᠣᠷᠢᠭ ᠰᠠᠨᠠᠭᠠᠨ ᠤ ᠭᠤᠣᠯ ᠠᠭᠤᠯᠭ᠎ᠠ ᠪᠠ | ᠮᠥᠨ ᠴᠢᠨᠠᠷ ᠤᠨ ᠱᠠᠭᠠᠷᠳᠠᠯᠭ᠎ᠠ ᠶᠢ ᠨᠡᠪᠲᠡᠷᠬᠡᠢ ᠣᠶᠢᠯᠠᠭᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ | ᠤᠨ ᠲᠥᠪ ᠬᠤᠷᠢᠶᠠᠨ ᠤ ᠰᠢᠢᠳᠪᠤᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠵᠦ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠠᠯᠠᠵᠤ᠂ ︽ᠬᠤᠶᠠᠷ ᠢ ᠬᠠᠮᠠᠭᠠᠯᠠᠬᠤ︾ ᠶᠢ | ᠡᠷᠡᠰ ᠪᠠᠶᠡᠯᠡᠭᠦᠯᠬᠦ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠭᠡᠨ ᠳᠡᠯᠭᠡᠷ ᠬᠦᠨᠵᠡᠭᠡᠢ | ᠦᠷᠨᠢᠭᠦᠯᠵᠦ᠂ ᠡᠯ᠎ᠡ ᠲᠦᠷᠦᠯ ᠤᠨ ᠤᠬᠠᠭᠤᠯᠤᠨ ᠳᠠᠶᠢᠯᠪᠤᠷᠢᠯᠠᠬᠤ ᠪᠦᠯᠬᠦᠮ ᠢ ᠰᠠᠶᠢᠲᠤᠷ ᠠᠰᠢᠭᠯᠠᠨ ᠤᠬᠠᠭᠤᠯᠬᠤ | ᠠᠷᠭ᠎ᠠ ᠬᠡᠯᠪᠡᠷᠢ ᠶᠢᠨ ᠠᠴᠢᠶᠠᠯᠠᠪᠤᠷᠢ ᠳᠤ ᠰᠢᠨ᠎ᠡ ᠶᠢ ᠡᠭᠦᠳᠴᠦ᠂ ᠤᠯᠠᠨ ᠲᠦᠮᠡᠨ ᠲᠠᠢ ᠨᠡᠩ ᠦᠶᠢᠷᠠᠳᠤᠭᠰᠠᠨ | ᠦᠭᠡ ᠶᠠᠷᠢᠶ᠎ᠠ ᠪᠠ ᠤᠯᠠᠨ ᠲᠦᠮᠡᠨ ᠤ ᠦᠵᠡᠵᠦ ᠰᠣᠨᠣᠰᠬᠤ ᠳᠤᠷᠠᠲᠡᠢ ᠠᠷᠭ᠎ᠠ ᠬᠡᠯᠪᠡᠷᠢ ᠪᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢᠨ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠲᠠ | ᠪᠡᠯᠭᠠᠰᠤ ᠨᠠᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠳ᠋ᠠᠡᠬᠢ ᠬᠠᠮᠤᠷᠬᠤ ᠬᠡᠪᠴᠢᠶ᠎ᠡ ᠪᠠ ᠨᠥᠯᠥᠭᠡᠯᠡᠬᠦ | ᠬᠦᠴᠦᠨ ᠢ ᠥᠷᠭᠦᠯᠵᠢᠯᠡᠨ ᠥᠷᠭᠡᠳᠬᠡᠬᠦ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ | ᠬᠦᠨᠵᠡᠭᠡᠶᠢᠷᠡᠭᠦᠯᠬᠦ ᠶᠢ ᠣᠳᠣᠬᠠᠨ ᠤ ᠠᠵᠢᠯ ᠢᠶᠠᠨ ᠰᠠᠶᠢᠳᠦᠷ ᠬᠢᠬᠦ ᠲᠠᠢ ᠤᠷᠭᠠᠨᠢᠭ ᠢᠶᠠᠷ ᠤᠶᠠᠯᠳᠤᠭᠤᠯᠵᠤ᠂ ᠪᠦᠭᠦᠳᠡ | ᠬᠤᠷᠠᠯ ᠠᠴᠠ ᠲᠤᠷᠠᠳᠤᠭᠰᠠᠨ ᠰᠢᠨ᠎ᠡ ᠣᠶᠢᠯᠠᠭᠠᠭᠳᠠᠬᠤᠨ᠂ ᠰᠢᠨ᠎ᠡ ᠱᠠᠭᠠᠷᠳᠠᠯᠭ᠎ᠠ᠂ ᠰᠢᠨ᠎ᠡ ᠬᠠᠷᠠᠯᠲᠠ ᠶᠢ ᠪᠣᠳᠠᠲᠠᠢ | ᠠᠵᠢᠯ ᠤᠨ ᠦᠢᠯᠡᠳᠦᠯᠭᠡ ᠳᠤ ᠠᠭᠤᠰᠬᠠᠨ ᠣᠷᠤᠭᠤᠯᠵᠤ᠂ ︽ᠬᠤᠶᠠᠷ ᠶᠡᠭᠡ ᠶᠠᠪᠤᠳᠠᠯ︾ ᠢ ᠪᠥᠬᠦ ᠬᠦᠴᠦᠨ | ᠢᠶᠠᠷ ᠢᠶᠠᠨ ᠰᠠᠶᠢᠲᠦᠷ ᠬᠢᠵᠦ᠂ ︽ᠵᠢᠷᠭᠤᠭᠠᠨ ᠢᠨᠵᠧᠨᠧᠷᠢᠩ︾ ᠢ ᠲᠦᠷᠭᠡᠳᠬᠡᠨ ᠠᠬᠢᠭᠤᠯᠵᠤ᠂ ᠠᠵᠤ ᠠᠬᠤᠢ ᠶᠢᠨ | ᠬᠥᠭᠵᠢᠯᠲᠡ᠂ ᠲᠥᠷᠦᠯ ᠵᠦᠢᠯ ᠤᠨ ᠪᠦᠳᠦᠭᠡᠨ ᠪᠠᠶᠢᠭᠤᠯᠤᠯᠲᠡ᠂ ᠠᠷᠠᠯᠵᠢᠶᠠᠴᠢᠨ ᠤᠷᠢᠵᠤ ᠪᠡᠯᠡ ᠣᠷᠤᠭᠤᠯᠬᠤ | ᠵᠡᠷᠭᠡ ᠭᠤᠣᠯᠳᠠᠯᠭ᠎ᠠ ᠲᠠᠢ ᠠᠵᠢᠯ ᠢ ᠲᠣᠪᠣᠶᠢᠮ᠎ᠠ ᠰᠠᠶᠢᠳᠦᠷ ᠠᠳᠬᠤᠵᠤ᠂ ᠪᠣᠳᠠᠲᠠᠢ ᠠᠵᠢᠯᠯᠡᠵᠤ ᠪᠣᠳᠠᠲᠤ ᠦᠷ᠎ᠡ | ᠪᠦᠲᠦᠮᠵᠢ ᠭᠠᠷᠭᠠᠬᠤ ᠪᠠᠷ ᠳᠠᠮᠵᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠠᠷᠤ ᠬᠤᠷᠴᠢᠨ ᠬᠤᠰᠢᠭᠤᠨ ᠳᠤ | ᠦᠨᠡᠨᠬᠦ ᠰᠠᠶᠢᠳᠦᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠪᠡ᠃ ︵ᠯᠢ ᠬᠤᠸᠠᠨ ᠢᠦᠢ︶ | | |