ᠠᠷᠤ ᠬᠤᠷᠴᠢᠨ ᠬᠤᠰᠢᠭᠤᠨ ᠤ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠬᠦᠳᠡᠭᠡ ᠠᠵᠤ ᠠᠬᠤᠢ ᠶᠢᠨ ᠪᠦᠲᠦᠭᠡᠭᠳᠡᠬᠦᠨ 2 ᠨᠡᠮᠡᠭᠳᠡᠪᠡ
ᠨᠡᠶᠢᠲᠡᠯᠡᠭᠰᠡᠨ ᠴᠠᠭ᠄
2024/8/30
     ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠠᠴᠠ ︽2024 ᠣᠨ ᠤ ᠬᠤᠶᠠᠳᠤᠭᠠᠷ ᠪᠦᠯᠦᠭ ᠤᠨ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠤ ᠢᠯᠡ ᠵᠠᠷᠯᠠᠯ︾ ᠢ ᠨᠡᠶᠢᠲᠡᠯᠡᠪᠡ᠂ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠨᠢ ᠣᠨᠴᠠ ᠲᠣᠭᠲᠠᠭᠰᠠᠨ ᠣᠷᠣᠨ ᠪᠦᠰᠡ ᠶᠢᠨ ᠳᠣᠲᠣᠷ᠎ᠠ ᠦᠢᠯᠡᠳᠪᠦᠷᠢᠯᠡᠵᠦ᠂ ᠵᠣᠬᠢᠬᠤ ᠬᠡᠮᠵᠢᠶᠡᠨ ᠤ ᠦᠢᠯᠡᠳᠪᠦᠷᠢᠯᠡᠯ ᠤᠨ ᠬᠡᠪᠴᠢᠶ᠎ᠡ ᠪᠠ ᠲᠠᠸᠠᠷ ᠤᠨ ᠬᠡᠮᠵᠢᠶ᠎ᠡ ᠲᠠᠢ᠂ ᠢᠯᠡᠷᠬᠡᠶ ᠭᠠᠵᠠᠷ ᠣᠷᠣᠨ ᠤ ᠣᠨᠴᠠᠯᠢᠭ ᠪᠠ ᠥᠪᠡᠷᠮᠢᠴᠡ ᠰᠢᠮ᠎ᠡ ᠲᠡᠵᠢᠭᠡᠯ ᠤᠨ ᠶᠠᠰᠤ ᠴᠢᠨᠠᠷ ᠤᠨ ᠣᠨᠴᠠᠯᠢᠭ ᠲᠠᠢ᠂ ᠲᠣᠭᠲᠠᠭᠤᠨ ᠬᠠᠩᠭᠠᠯᠭ᠎ᠠ ᠶᠢᠨ ᠬᠡᠮᠵᠢᠶ᠎ᠡ ᠪᠠ ᠬᠡᠷᠡᠭᠯᠡᠭᠡᠨ ᠤ ᠵᠠᠬ᠎ᠠ ᠳᠡᠯᠭᠡᠭᠦᠷ᠂ ᠣᠯᠠᠨ ᠨᠡᠶᠢᠲᠡ ᠶᠢᠨ ᠮᠡᠳᠡᠷᠡᠮᠵᠢ ᠶᠢᠨ ᠬᠡᠮᠵᠢᠶ᠎ᠡ ᠪᠠ ᠠᠯᠳᠠᠷᠰᠢᠯ ᠤᠨ ᠬᠡᠮᠵᠢᠶ᠎ᠡ ᠥᠨᠳᠥᠷ  ᠪᠥᠭᠡᠳ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠠᠴᠠ ᠵᠠᠷᠯᠠᠨ ᠨᠡᠶᠢᠲᠡᠯᠡᠭᠰᠡᠨ ᠪᠠ ᠦᠨᠡᠮᠯᠡᠯ ᠬᠢᠨᠠᠨ ᠣᠯᠭᠤᠭᠰᠠᠨ ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠢ ᠵᠢᠭᠠᠵᠤ ᠪᠣᠶ᠃ ᠡᠭᠦᠨ ᠳᠤ ᠠᠷᠤ ᠬᠤᠷᠴᠢᠨ ᠬᠤᠰᠢᠭᠤᠨ ᠤ ᠰᠡᠩᠳᠡᠩ ᠮᠣᠳᠣ ᠶᠢᠨ ᠲᠣᠰᠣ᠂ ᠠᠷᠤ ᠬᠤᠷᠴᠢᠨ ᠬᠤᠰᠢᠭᠤᠨ ᠤ ᠡᠭᠡᠳᠡᠭᠰᠡᠨ ᠰᠦ ᠵᠡᠷᠭᠡ 2 ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠵᠢᠭᠰᠠᠭᠠᠭᠳᠠᠪᠠ᠃ ᠡᠶᠢᠨᠬᠦ ᠠᠷᠤ ᠬᠤᠷᠴᠢᠨ ᠬᠤᠰᠢᠭᠤᠨ ᠤ 11 ᠠᠰᠢᠭᠲᠤ ᠬᠦᠳᠡᠭᠡ ᠠᠵᠤ ᠠᠬᠤᠢ ᠶᠢᠨ ᠪᠦᠲᠦᠭᠡᠭᠳᠡᠬᠦᠨ ︵ᠠᠷᠤ ᠬᠤᠷᠴᠢᠨ ᠬᠤᠰᠢᠭᠤᠨ ᠤ ᠬᠠᠭᠤᠷᠤᠭᠰᠠᠨ      ᠪᠤᠳᠠᠭ᠎ᠠ᠂ ᠬᠤᠨᠢᠨ ᠮᠢᠬ᠎ᠠ᠂ ᠨᠠᠷᠢᠮᠤ᠂ ᠨᠣᠭᠤᠭᠠᠨ ᠪᠤᠷᠴᠠᠭ᠂ ᠦᠬᠡᠷ ᠤᠨ ᠮᠢᠬ᠎ᠠ᠂ ᠰᠢᠷ᠎ᠠ ᠲᠣᠰᠣ᠂ ᠬᠤᠷᠤᠳ᠂ ᠰᠡᠩᠳᠡᠩ ᠮᠣᠳᠣᠨ ᠴᠠᠢ᠂ ᠲᠥᠪᠡᠳ ᠬᠠᠰᠢ᠂  ᠰᠡᠩᠳᠡᠩ ᠮᠣᠳᠣ ᠶᠢᠨ ᠲᠣᠰᠣ ᠪᠠ ᠡᠭᠡᠳᠡᠭᠰᠡᠨ ᠰᠦ︶ ︽ᠪᠦᠬᠦ ᠤᠯᠤᠰ ᠤᠨ ᠨᠡᠷᠡᠲᠦ ᠣᠨᠴᠠ ᠰᠢᠯᠢᠳᠡᠭ ᠰᠢᠨ᠎ᠡ ᠬᠦᠳᠡᠭᠡ ᠠᠵᠤ ᠠᠬᠤᠢ ᠶᠢᠨ ᠪᠦᠲᠦᠭᠡᠭᠳᠡᠬᠦᠨ︾ ᠤ ᠨᠡᠷᠡᠰ ᠤᠨ ᠵᠢᠭᠰᠠᠭᠠᠯᠲᠠ ᠳᠤ ᠣᠷᠣᠪᠠ᠃ ᠡᠭᠦᠨ ᠠᠴᠠ ᠭᠠᠳᠠᠨ᠎ᠠ᠂ ᠪᠠᠰᠠ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ 1 ︵ᠴᠢᠪᠠᠭ᠎ᠠ ᠶᠢᠨ ᠳ᠋ᠠ ᠮᠢᠩ ᠨᠤᠭᠤᠭᠠᠨ ᠪᠤᠷᠴᠠᠭ︶᠂ ᠤᠯᠤᠰ ᠤᠨ ᠲᠡᠰ ᠤᠨ ᠭᠠᠵᠠᠷ ᠵᠦᠢ ᠶᠢᠨ ᠪᠡᠯᠭᠡ ᠳᠡᠮᠳᠡᠭ ᠤᠨ ᠭᠡᠷᠡᠴᠢᠯᠡᠭᠡᠲᠦ ᠲᠠᠸᠠᠷ ᠤᠨ ᠲᠡᠮᠳᠡᠭ 5 ︵ᠠᠷᠤ ᠬᠤᠷᠴᠢᠨ ᠬᠤᠰᠢᠭᠤᠨ ᠤ ᠦᠬᠡᠷ ᠤᠨ ᠮᠢᠬ᠎ᠠ᠂ ᠬᠤᠨᠢᠨ ᠮᠢᠬ᠎ᠠ᠂ ᠡᠯᠵᠢᠭᠡᠨ ᠮᠢᠬ᠎ᠠ᠂ ᠨᠠᠷᠢᠮᠤ ᠪᠠ ᠪᠣᠷᠣ ᠴᠠᠷᠭᠠᠰᠤ︶ ᠪᠤᠢ᠃
 
ᠢᠷᠡᠯᠲᠡ᠄ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号