ᠠᠷᠤ ᠬᠤᠷᠴᠢᠨ ᠬᠤᠰᠢᠭᠤ ᠠᠷᠪᠠᠨ ᠳᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶ᠎ᠠ ᠶᠢᠨ ᠵᠢᠷᠭᠤᠳᠤᠭᠠᠷ ᠡᠬᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/30
       
       8 ᠰᠠᠷ᠎ᠠ ᠶᠢᠨ 28 ᠤ ᠡᠳᠦᠷ᠂ ᠠᠷᠤ ᠬᠤᠷᠴᠢᠨ ᠬᠤᠰᠢᠭᠤ ᠠᠷᠪᠠᠨ ᠳᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶ᠎ᠠ ᠶᠢᠨ ᠵᠢᠷᠭᠤᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠭᠢᠯᠡᠭᠴᠢ᠂ ᠬᠤᠰᠢᠭᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠣᠭᠤᠶᠢᠯᠠᠩ  ᠤᠨ ᠳᠠᠷᠤᠭ᠎ᠠ ᠸᠧᠢ ᠰᠢᠨ ᠢᠦᠢ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ᠂ ᠬᠤᠰᠢᠭᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠳᠡᠳ᠋ ᠳᠠᠷᠤᠭ᠎ᠠ ᠸᠠᠩ ᡁᠢ ᠶᠦᠩ ᠬᠤᠷᠠᠯ ᠳᠤ ᠣᠷᠣᠯᠴᠠᠪᠠ᠃
       ᠬᠤᠷᠠᠯ ᠠᠴᠠ ᠳᠡᠭᠡᠳᠦ ᠱᠠᠳᠦᠨ ᠤ ᠲᠣᠭᠤᠷᠢᠨ ᠪᠠᠶᠢᠴᠠᠭᠠᠬᠤ ᠠᠵᠢᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠤᠷᠤᠯᠴᠠᠵᠤ᠂ ᠸᠠᠩ ᡁᠢ ᠶᠦᠩ ᠠᠷᠪᠠᠨ ᠳᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶ᠎ᠠ  ᠶᠢᠨ ᠵᠢᠷᠭᠤᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠳᠠᠷᠤᠭ᠎ᠠ᠂ ᠲᠣᠭᠤᠶᠢᠯᠠᠩ ᠤᠨ ᠳᠡᠳ᠋ ᠳᠠᠷᠤᠭ᠎ᠠ ᠳᠤ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠵᠢᠴᠢ ᠡᠭᠦᠷᠭᠡ ᠶᠢᠨ ᠬᠤᠪᠢᠶᠡᠠᠷᠢᠯᠡᠯ ᠤᠨ ᠲᠣᠭᠲᠠᠭᠠᠯ ᠢ ᠨᠡᠶᠢᠲᠡᠯᠡᠪᠡ᠃        ᠸᠧᠢ ᠰᠢᠨ ᠢᠦᠢ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠬᠦᠨᠵᠡᠭᠡᠶᠢᠷᠡᠭᠦᠯᠵᠦ᠂ ᠲᠣᠭᠤᠷᠢᠨ ᠪᠠᠶᠢᠴᠠᠭᠠᠬᠤ ᠴᠢᠭᠯᠡᠯ ᠢ ᠲᠣᠭᠳᠠᠪᠤᠷᠢᠵᠢᠭᠤᠯᠤᠨ ᠠᠳᠬᠤᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠲᠥᠷᠥ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠵᠣᠭᠰᠤᠯᠲᠠ ᠶᠢ ᠪᠠᠲᠤᠳᠬᠠᠨ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠪᠣᠳᠠᠳᠠᠶᠢᠵᠢᠭᠤᠯᠠᠬᠤ᠂ ᠣᠨᠣᠪᠴᠢᠲᠠᠢ ᠪᠣᠯᠭᠠᠬᠤ᠂ ᠪᠠᠶᠢᠩᠭᠤᠵᠢᠭᠤᠯᠬᠤ ᠶᠢ ᠬᠦᠴᠦᠯᠠᠨ ᠠᠬᠢᠭᠤᠯᠠᠬᠤ ᠬᠡᠷᠡᠭᠲᠡᠢ᠃ ᠦᠵᠡᠯ ᠰᠠᠨᠠᠨ᠎ᠠ ᠳᠠᠨᠢᠯᠲᠡ ᠪᠠᠨ ᠬᠦᠨᠵᠡᠭᠡᠶᠢᠷᠡᠭᠦᠯᠵᠦ᠂ ᠲᠣᠭᠤᠷᠢᠨ ᠪᠠᠶᠢᠴᠠᠭᠠᠬᠤ ᠴᠢᠭᠯᠡᠯ ᠢ ᠲᠣᠭᠲᠠᠪᠤᠷᠢᠵᠢᠭᠤᠯᠤᠨ ᠠᠳᠬᠤᠵᠤ᠂ ᠲᠦᠷᠰᠤᠲᠠᠢ ᠪᠦᠷᠭᠦᠭᠦᠯᠬᠦ ᠪᠠ ᠪᠦᠲᠦᠮᠵᠢᠲᠡᠢ ᠪᠦᠷᠭᠦᠭᠦᠯᠬᠦ ᠶᠢ ᠨᠢᠭᠡᠳᠦᠯᠲᠡᠢ ᠪᠠᠶᠢᠯᠭᠠᠬᠤ ᠶᠢ ᠪᠠᠷᠢᠮᠲᠡᠯᠡᠵᠦ᠂ ᠬᠢᠨᠠᠯᠲᠡ ᠲᠠᠯᠪᠢᠬᠤ ᠭᠤᠣᠯᠳᠠᠯᠭ᠎ᠠ ᠶᠢ ᠲᠣᠪᠣᠶᠢᠯᠭᠠᠨ᠂ ᠠᠵᠢᠯ ᠤᠨ ᠠᠷᠭ᠎ᠠ ᠬᠡᠯᠪᠡᠷᠢ ᠶᠢ ᠡᠷᠬᠢᠮᠯᠡᠵᠤ᠂ ᠦᠷ᠎ᠡ ᠪᠦᠲᠦᠭᠡᠯ ᠤᠨ ᠬᠡᠷᠡᠭᠯᠡᠯᠲᠡ ᠶᠢ      ᠴᠢᠬᠤᠯᠠᠴᠢᠯᠡᠨ᠂ ᠲᠤᠭᠤᠷᠢᠨ ᠪᠠᠶᠢᠴᠠᠭᠠᠬᠤ ᠬᠤᠷᠴᠠ ᠰᠡᠯᠡᠮ᠎ᠡ ᠬᠤᠷᠴᠠ ᠵᠠᠪᠰᠡᠭ ᠤᠨ ᠦᠢᠯᠡᠳᠦᠯ  ᠢ ᠦᠨᠡᠨ ᠬᠦ ᠪᠠᠳᠠᠷᠠᠭᠤᠯᠬᠤ ᠬᠡᠷᠡᠭᠲᠡᠢ᠃ ᠰᠢᠰᠲ᠋ᠧᠮ ᠲᠠᠢ ᠬᠠᠮᠵᠢᠯᠴᠠᠨ ᠠᠬᠢᠭᠤᠯᠵᠤ᠂ ᠲᠣᠭᠤᠷᠢᠨ ᠪᠠᠶᠢᠴᠠᠭᠠᠬᠤ ᠬᠠᠮᠲᠤᠷᠠᠯ ᠬᠦᠴᠦᠨ ᠢ ᠨᠢᠭᠲᠠᠷᠠᠭᠤᠯᠤᠨ᠂ ᠤᠬᠠᠮᠰᠠᠷ ᠠᠴᠠ ᠪᠠᠨ ᠤᠯᠤᠰ ᠲᠥᠷᠥ ᠶᠢᠨ ᠬᠠᠷᠢᠭᠤᠴᠠᠯᠭ᠎ᠠ ᠪᠠᠨ ᠬᠦᠢᠴᠡᠳᠭᠡᠵᠦ᠂ ᠨᠡᠪᠲᠡᠷᠠᠯᠴᠡᠭᠦᠯᠦᠨ ᠵᠣᠬᠢᠴᠠᠭᠤᠯᠬᠤ ᠲᠣᠭᠳᠠᠴᠠ ᠶᠢ ᠴᠢᠩᠭᠠᠳᠬᠠᠨ᠂ ᠠᠵᠢᠯ ᠳᠤ ᠪᠠᠨ ᠴᠠᠭᠠᠷᠠᠭᠰᠠᠨ ᠲᠣᠭᠤᠷᠢᠨ ᠪᠠᠶᠢᠴᠠᠭᠠᠬᠤ ᠡᠩᠨᠡᠭᠡ ᠶᠢ ᠪᠠᠶᠢᠭᠤᠯᠵᠤ᠂ ᠴᠢᠨᠠᠷ ᠰᠠᠶᠢᠲᠠᠢ ᠲᠣᠭᠤᠷᠢᠨ ᠪᠠᠶᠢᠴᠠᠭᠠᠵᠤ ᠬᠢᠨᠡᠯᠲᠠ ᠲᠠᠯᠪᠢᠬᠤ ᠠᠵᠢᠯ ᠢᠶᠠᠷ ᠪᠥᠬᠦ ᠬᠤᠰᠢᠭᠤᠨ ᠤ ᠠᠵᠤ ᠠᠬᠤᠢ ᠨᠠᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃                                                    ︵ᠯᠢᠦ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号