8 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠵᠦᠩ ᠬᠤᠸᠠ ᠬᠤᠪᠢ ᠡᠵᠡᠮᠳᠡᠭᠰᠡᠨ ᠬᠢᠵᠠᠭᠠᠷᠲᠤ | ᠬᠠᠷᠢᠭᠤᠴᠠᠯᠭᠠᠳᠤ ᠺᠤᠮᠫᠠᠨᠢ᠂ ᠳᠤᠮᠳᠠᠳᠤ ᠤᠯᠤᠰ ᠤᠨ ᠬᠡᠦᠬᠡᠳ ᠪᠠᠭᠠᠴᠤᠳ ᠤᠨ ᠰᠠᠭᠤᠷᠢ ᠮᠥᠩᠭᠦᠨ ᠤ ᠨᠡᠶᠢᠭᠡᠮᠯᠢᠭ | ᠭᠤᠣᠯᠯᠠᠨ ᠡᠷᠭᠢᠯᠡᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠠᠩ ᠤᠨ ᠰᠡᠳᠬᠢᠴᠡ ᠶᠢᠨ | ᠰᠤᠳᠤᠯᠭᠠᠨ ᠤ ᠭᠠᠵᠠᠷ᠂ ᠳᠤᠮᠳᠠᠳᠤ ᠤᠯᠤᠰ ᠤᠨ ᠰᠡᠳᠬᠢᠴᠡ ᠵᠦᠢ ᠶᠢᠨ ᠨᠡᠶᠢᠭᠡᠮᠯᠢᠭ ᠳᠡᠮᠵᠢᠯᠭᠡ ᠦᠵᠡᠭᠦᠯᠵᠦ᠂ | ᠪᠡᠭᠡᠵᠢᠩ ᠳᠠᠬᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠡᠳᠬᠢᠴᠡ ᠶᠢᠨ ᠲᠤᠰᠠᠯᠠᠮᠵᠢ | ᠶᠢᠨ ᠲᠥᠪ᠂ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ ᠬᠠᠮᠵᠢᠨ ᠡᠷᠭᠢᠯᠡᠭᠰᠡᠨ ︽ᠢᠷᠡᠭᠡᠳᠦᠢ ᠪᠣᠯᠤᠭᠰᠠᠨ | ᠰᠤᠷᠤᠭᠴᠢᠳ ᠢᠶᠠᠨ ᠰᠢᠮᠡᠵᠢᠭᠦᠯᠦᠨ ᠬᠥᠮᠥᠵᠢᠭᠦᠯᠬᠦ︾ ᠠᠷᠤ ᠬᠤᠷᠴᠢᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ | ᠶᠢᠨ ᠰᠡᠳᠬᠢᠴᠠ ᠶᠢᠨ ᠡᠷᠡᠭᠦᠯ ᠮᠠᠨᠳᠤ ᠶᠢᠨ ᠬᠥᠮᠦᠵᠢᠯ ᠤᠨ ᠲᠤᠰᠬᠠᠢ ᠰᠡᠳᠦᠪᠲᠤ ᠪᠣᠯᠪᠠᠰᠤᠷᠠᠯ ᠨᠢ 3 ᠡᠳᠦᠷ ᠤᠨ | ᠬᠤᠭᠤᠴᠠᠭ᠎ᠠ ᠲᠠᠢ ᠶᠠᠪᠤᠭᠳᠠᠵᠤ ᠲᠡᠭᠦᠰ ᠠᠮᠵᠢᠯᠲᠠ ᠲᠠᠢ ᠦᠨᠳᠤᠷᠯᠠᠪᠠ᠃ ᠬᠤᠰᠢᠭᠠᠳ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠤᠸᠠᠨ ᠪᠢᠨ | ᠪᠣᠯᠪᠠᠰᠤᠷᠠᠯ ᠤᠨ ᠠᠵᠢᠯᠯᠠᠭ᠎ᠠ ᠳᠤ ᠣᠷᠣᠯᠴᠠᠪᠠ᠃ | ᠸᠠᠩ ᠶᠤᠸᠠᠨ ᠪᠢᠨ ᠳ᠋ᠦᠩᠨᠠᠯᠲᠡ ᠶᠢᠨ ᠶᠠᠷᠢᠶᠠᠨ ᠳᠠᠭᠠᠨ᠂ ᠪᠤᠯᠪᠠᠰᠤᠷᠠᠯ ᠳᠡᠭᠦᠰᠦᠭᠰᠠᠨ ᠴᠤ ᠰᠣᠷᠣᠯᠴᠠᠯᠭ᠎ᠠ | ᠲᠡᠭᠦᠰᠦᠭᠰᠡᠨ ᠪᠢᠰᠢ ᠬᠠᠷᠢᠨ ᠳᠤᠮᠳᠠᠳᠤ ᠣᠯᠤᠰ ᠤᠨ ᠵᠦᠩ ᠬᠤᠸᠠ ᠪᠦᠯᠦᠭᠯᠡᠯ ᠤᠨ ︽ᠢᠷᠡᠭᠡᠳᠦᠢ ᠪᠣᠯᠤᠭᠰᠠᠨ | ᠰᠤᠷᠤᠭᠴᠢᠳ ᠢᠶᠠᠨ ᠰᠢᠮᠡᠵᠢᠭᠦᠯᠦᠨ ᠬᠥᠮᠥᠵᠢᠭᠦᠯᠬᠦ︾ ᠰᠤᠷᠭᠠᠨ ᠬᠥᠮᠥᠵᠢᠯ ᠢᠶᠠᠷ ᠬᠠᠪᠰᠤᠷᠤᠨ ᠲᠡᠳᠬᠦᠬᠦ ᠲᠦᠷᠦᠯ | ᠵᠦᠢᠯ ᠤᠨ ᠡᠬᠢᠯᠡᠯᠲᠡ ᠪᠠᠶᠢᠵᠤ᠂ ᠪᠠᠭᠰᠢ ᠨᠠᠷ ᠪᠣᠯᠪᠠᠰᠤᠷᠡᠯ ᠳᠤ ᠣᠷᠤᠯᠴᠡᠵᠦ ᠰᠣᠷᠣᠭᠰᠠᠨ ᠮᠡᠳᠡᠯᠭᠡ ᠪᠠᠨ ᠪᠣᠳᠠᠲᠡᠢ | ᠳᠤ ᠦᠢᠯᠡᠳᠦᠯᠭᠡᠵᠢᠭᠦᠯᠦᠨ ᠬᠡᠷᠡᠭᠯᠡᠵᠦ᠂ ᠰᠤᠷᠤᠭᠴᠢᠳ ᠤᠨ ᠰᠡᠳᠬᠢᠴᠡ ᠶᠢᠨ ᠬᠡᠷᠡᠭᠴᠡᠭᠡ ᠶᠢ ᠠᠩᠬᠠᠷᠤᠨ᠂ ᠵᠥᠪ | ᠰᠠᠶᠢᠨ ᠰᠡᠳᠬᠢᠴᠡ ᠶᠢᠨ ᠵᠢᠯᠤᠭᠤᠳᠤᠯᠭ᠎ᠠ ᠦᠵᠡᠭᠦᠯᠬᠦ ᠶᠢ ᠬᠦᠰᠡᠵᠦ ᠪᠠᠶᠢᠨ᠋᠎ᠠ ᠭᠡᠵᠡᠢ᠃ | | | | | | | | ᠣᠶᠢᠯᠠᠭᠠᠭᠰᠠᠨ ᠢᠶᠠᠷ᠂ ᠲᠤᠰ ᠤᠳᠠᠭᠠᠨ ᠤ ᠪᠣᠯᠪᠠᠰᠤᠷᠠᠯ ᠨᠢ ᠳᠤᠮᠳᠠᠳᠤ ᠤᠯᠤᠰ ᠤᠨ ᠵᠦᠩ ᠬᠤᠸᠠ | ᠪᠦᠯᠦᠭᠯᠡᠯ ᠤᠨ ︽ᠢᠷᠡᠭᠡᠳᠦᠢ ᠪᠣᠯᠤᠭᠰᠠᠨ ᠰᠤᠷᠤᠭᠴᠢᠳ ᠢᠶᠠᠨ ᠰᠢᠮᠡᠵᠢᠭᠦᠯᠦᠨ ᠬᠥᠮᠦᠵᠢᠭᠦᠯᠬᠦ︾ ᠰᠤᠷᠭᠠᠨ | ᠬᠥᠮᠦᠵᠢᠯ ᠢᠶᠠᠷ ᠬᠠᠪᠰᠤᠷᠦᠨ ᠲᠡᠳᠬᠦᠬᠦ ᠲᠦᠷᠦᠯ ᠵᠦᠢᠯ ᠤᠨ ᠡᠬᠢᠯᠡᠯᠲᠡ ᠶᠢᠨ ᠠᠵᠢᠯᠯᠠᠭ᠎ᠠ ᠪᠠᠶᠢᠵᠤ᠂ ᠵᠠᠯᠭᠠᠭᠠᠳ | ᠲᠣᠰ ᠲᠦᠷᠦᠯ ᠵᠦᠢᠯ ᠨᠢ ᠴᠢᠪᠠᠭ᠎ᠠ ᠬᠤᠶᠠᠳᠤᠭᠠᠷ ᠪᠠᠭ᠎ᠠ ᠰᠤᠷᠭᠠᠭᠤᠯᠢ᠂ ᠴᠢᠪᠠᠭ᠎ᠠ ᠮᠣᠩᠭᠤᠯ ᠦᠨᠳᠦᠰᠦᠲᠡᠨ ᠤ | ᠲᠤᠷᠰᠢᠯᠲᠠ ᠶᠢᠨ ᠪᠠᠭ᠎ᠠ ᠰᠤᠷᠭᠠᠭᠤᠯᠢ᠂ ᠴᠢᠪᠠᠭ᠎ᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠴᠢᠪᠠᠭ᠎ᠠ ᠶᠢᠨ | ᠬᠤᠶᠠᠳᠤᠭᠠᠷ ᠳᠤᠮᠳᠠᠳᠤ ᠰᠤᠷᠭᠠᠭᠤᠯᠢ᠂ ᠴᠢᠪᠠᠭ᠎ᠠ ᠳᠠᠪᠤᠳᠤᠭᠠᠷ ᠳᠤᠮᠳᠠᠳᠤ ᠰᠤᠷᠭᠠᠭᠤᠯᠢ ᠪᠠ ᠴᠢᠪᠠᠭ᠎ᠠ ᠵᠢᠷᠭᠤᠳᠤᠭᠠᠷ | ᠳᠤᠮᠳᠠᠳᠤ ᠰᠤᠷᠭᠠᠭᠤᠯᠢ ᠵᠡᠷᠭᠡ 6 ᠵᠢᠱᠢᠶ᠎ᠡ ᠦᠵᠡᠭᠦᠯᠬᠦ ᠰᠤᠷᠭᠠᠭᠤᠯᠢ ᠢᠶᠠᠷ ᠰᠡᠳᠬᠢᠴᠡ ᠶᠢᠨ ᠬᠢᠴᠢᠶᠡᠯᠯᠡᠭᠡ | ᠥᠷᠨᠢᠭᠦᠯᠵᠦ᠂ ᠳᠤᠮᠳᠡᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠠᠩ ᠤᠨ ᠰᠡᠳᠬᠢᠴᠡ ᠶᠢᠨ | ᠰᠤᠳᠤᠯᠭᠠᠨ ᠤ ᠭᠠᠵᠠᠷ ᠤᠨ ᠲᠤᠰᠬᠠᠢ ᠮᠡᠷᠭᠡᠵᠢᠯᠲᠠᠨ ᠪᠠᠰᠠ ᠲᠤᠭᠳᠠᠮᠠᠯ ᠪᠤᠰᠣ ᠬᠤᠭᠤᠴᠠᠭ᠎ᠠ ᠲᠠᠢ ᠪᠠᠷ ᠰᠦᠯᠵᠢᠶᠡᠨ | ᠳᠡᠭᠡᠷᠡᠬᠢ ᠪᠣᠯᠪᠠᠰᠤᠷᠠᠯ ᠪᠠ ᠰᠦᠯᠵᠢᠶᠡᠨ ᠭᠠᠳᠠᠨᠠᠬᠢ ᠬᠠᠪᠰᠤᠷᠤᠨ ᠵᠢᠯᠤᠭᠤᠳᠤᠯᠭ᠎ᠠ ᠬᠦᠷᠲᠡᠭᠡᠵᠦ᠂ ᠲᠣᠰ ᠲᠦᠷᠦᠯ | ᠵᠦᠢᠯ ᠢ ᠦᠷᠭᠦᠯᠵᠢᠯᠡᠨ ᠬᠡᠷᠡᠭᠵᠢᠭᠦᠯᠬᠦ ᠪᠠᠷ ᠲᠡᠮᠵᠢᠨ᠂ ᠠᠷᠤ ᠬᠤᠷᠴᠢᠨ ᠬᠤᠰᠢᠭᠤᠨ ᠳᠤ ᠨᠢᠭᠡ ᠪᠦᠯᠦᠭ | ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠲᠤ ᠶᠢᠨ ᠬᠥᠮᠦᠵᠢᠯ ᠤᠨ ᠭᠤᠣᠯᠯᠠᠭᠴᠢ ᠪᠠᠭᠰᠢ ᠶᠢ ᠬᠥᠮᠦᠵᠢᠭᠦᠯᠵᠦ᠂ | ᠠᠷᠤ ᠬᠤᠷᠴᠢᠨ ᠬᠤᠰᠢᠭᠤᠨ ᠤ ᠭᠡᠦᠬᠡᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠠᠮᠠᠭᠠᠯᠠᠯᠲᠠ | ᠦᠵᠡᠭᠦᠯᠬᠦ ᠪᠣᠯᠣᠨ᠋ᠠ᠃ | ᠲᠣᠰ ᠤᠳᠠᠭᠠᠨ ᠤ ᠪᠣᠯᠪᠠᠰᠤᠷᠠᠯ ᠤᠨ ᠬᠤᠭᠤᠴᠠᠭᠠᠨ ᠳᠤ ᠪᠠᠰᠠ ᠳᠤᠮᠳᠠᠳᠤ ᠤᠯᠤᠰ ᠤᠨ ᠵᠥᠩ ᠬᠤᠸᠠ | ᠶᠢᠨ ︽ᠬᠥᠭᠵᠢᠭᠦᠯᠦᠨᠮᠠᠨᠳᠤᠭᠤᠯᠬᠤ ᠶᠠᠷᠢᠶᠠᠨ ᠤ ᠲᠠᠩᠬᠢᠮ︾ ᠢ ᠨᠡᠭᠡᠭᠡᠵᠦ᠂ ᠰᠦᠯᠵᠢᠶᠡᠨ ᠳᠡᠭᠡᠷᠡᠬᠢ ᠰᠢᠭᠤᠳ | ᠨᠡᠪᠲᠡᠷᠡᠭᠦᠯᠭᠡ ᠶᠢᠨ ᠬᠡᠯᠪᠡᠷᠢ ᠪᠠᠷ ᠠᠷᠦ ᠬᠤᠷᠴᠢᠨ᠂ ᠯᠢᠰᠢ᠂ ᠭᠦ᠋ ᠯᠠᠩ᠂ ᠫᠢᠩ ᠱᠠᠨ᠂ ᠭᠠᠩᠪᠡ᠂ ᠶᠡᠭᠡ ᠴᠠᠶᠢᠳᠠᠮ | ᠵᠡᠷᠭᠡ ᠵᠢᠷᠭᠤᠭᠠᠨ ᠲᠤᠰᠠᠯᠠᠨ ᠳᠡᠮᠵᠢᠬᠦ ᠭᠠᠵᠠᠷ ᠣᠷᠣᠨ ᠤ ᠨᠢᠭᠡᠳᠦᠭᠡᠷ ᠹᠷᠤᠨᠲ ᠤᠨ ᠪᠠᠭᠰᠢ ᠨᠠᠷ ᠲᠤ ᠰᠣᠷᠤᠭᠴᠢ ᠶᠢᠨ | ᠰᠡᠳᠬᠢᠴᠠ ᠶᠢᠨ ᠠᠰᠠᠭᠤᠳᠠᠯ ᠢ ᠡᠬᠢᠨ ᠤ ᠬᠤᠭᠤᠴᠠᠭᠠᠨ ᠳᠤ ᠢᠯᠭᠠᠨ ᠳᠠᠨᠢᠬᠤ ᠵᠢᠴᠢ ᠠᠷᠭᠠᠴᠠᠭᠠᠬᠤ ᠲᠤᠬᠠᠢ | ᠪᠣᠯᠪᠠᠰᠤᠷᠠᠯ ᠬᠦᠷᠲᠡᠭᠡᠪᠡ᠃ | | | | | ᠤᠯᠠᠨ ᠵᠢᠯ ᠤᠨ ᠳᠤᠷᠰᠢ᠂ ᠳᠤᠮᠳᠠᠳᠤ ᠤᠯᠤᠰ ᠤᠨ ᠵᠦᠩ ᠬᠤᠸᠠ ᠪᠦᠯᠦᠭᠯᠡᠯ ᠪᠣᠯᠣᠨ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠠᠯᠠᠮᠵᠢᠯᠡᠯ ᠳᠡᠮᠵᠢᠯᠭᠡ ᠶᠢᠨ ᠠᠴᠢ ᠪᠠᠷ ᠠᠷᠤ ᠬᠤᠷᠴᠢᠨ ᠬᠤᠰᠢᠭᠤᠨ ᠤ ᠰᠤᠷᠭᠠᠨ ᠬᠥᠮᠦᠵᠢᠯ | ᠤᠨ ᠦᠢᠯᠡᠰ ᠤᠨ ᠬᠥᠭᠵᠢᠯᠲᠡ ᠪᠦᠳᠦᠮᠵᠢᠲᠡᠢ ᠠᠬᠢᠨᠤᠯᠤᠯᠲᠡ ᠬᠦᠷᠲᠡᠪᠠ᠃ 2013 ᠣᠨ ᠳᠤ᠂ ᠳᠤᠮᠳᠠᠳᠤ | ᠤᠯᠤᠰ ᠤᠨ ᠵᠦᠩ ᠬᠤᠸᠠ ᠪᠦᠯᠦᠭᠯᠡᠯ ᠴᠡᠭ ᠲᠣᠭᠳᠠᠨ ᠬᠠᠪᠰᠤᠷᠤᠨ ᠲᠡᠳᠬᠦᠬᠦ ᠠᠵᠢᠯ ᠢ ᠥᠷᠢᠭᠦᠯᠦᠭᠰᠡᠨ ᠠᠴᠠ | ᠨᠠᠭᠠᠰᠢ ᠢᠮᠠᠭᠳᠠ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠶᠢ ᠲᠡᠷᠢᠭᠦᠨ ᠪᠠᠶᠢᠷᠢᠨ ᠳᠤ ᠲᠠᠯᠪᠢᠵᠦ᠂ ᠡᠯ᠎ᠡ | ᠲᠠᠯ᠎ᠠ ᠶᠢᠨ ᠬᠦᠴᠦᠨ ᠢ ᠨᠢᠭᠳᠠᠷᠠᠭᠤᠯᠤᠨ᠂ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠢ | ᠴᠢᠩᠭᠠᠷᠠᠭᠤᠯᠵᠤ᠂ ᠨᠠᠶᠢᠳᠠ 6138.18 ᠲᠦᠮᠡᠨ ᠲᠥᠬᠦᠷᠢᠭ ᠤᠨ ᠪᠡᠯᠡ ᠣᠷᠣᠭᠤᠯᠤᠨ ᠬᠤᠨᠲᠤ᠂ ᠪᠠᠶᠠᠠᠬᠤᠸᠠ | ᠵᠡᠷᠭᠡ 5 ᠬᠡᠦᠬᠡᠳ ᠤᠨ ᠴᠡᠴᠡᠷᠯᠢᠭ᠂ 4 ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ ᠢ ᠪᠠᠶᠢᠭᠤᠯᠵᠤ᠂ | ᠨᠡᠶᠢᠲᠡ ᠶᠢᠨ ᠠᠰᠠᠷᠠᠮᠵᠢ ᠶᠢᠨ ᠨᠣᠮ ᠤᠨ ᠰᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠵᠡᠷᠭᠡ 14 | ᠰᠠᠭᠤᠷᠢ ᠪᠡᠯᠡᠳᠬᠡᠮᠵᠢ ᠶᠢ ᠰᠠᠶᠢᠵᠢᠷᠠᠭᠤᠯᠤᠨ᠂ ︽ᠬᠦᠰᠡᠯ ᠵᠡᠭᠦᠲᠦ ᠶᠢ ᠲᠡᠷᠭᠡᠯᠰᠢᠭᠦᠯᠬᠦ ᠠᠵᠢᠯᠯᠠᠭ᠎ᠠ︾ ᠶᠢ | ᠥᠷᠭᠦᠯᠵᠢᠯᠡᠨ ᠥᠷᠨᠢᠭᠦᠯᠵᠦ᠂ 556.13 ᠲᠦᠮᠡᠨ ᠲᠥᠬᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠬᠦ | ᠬᠠᠨᠳᠢᠪᠯᠠᠭᠰᠠᠨ ᠪᠠᠶᠢᠨ᠎ᠠ᠃ ︵ᠴᠡᠯᠮᠡᠭ︶ | | |