ᠠᠷᠤ ᠬᠤᠷᠴᠢᠨ ᠬᠤᠰᠢᠭᠤᠨ ᠤ ᠲᠡᠦᠬᠡ ᠰᠣᠶᠣᠯ ᠤᠨ ᠨᠠᠶᠢᠭᠡᠮᠯᠢᠭ ᠤᠨ 2024 ᠣᠨ ᠤ ᠬᠤᠷᠠᠯ ᠲᠡᠭᠦᠰ ᠠᠮᠵᠢᠯᠲᠠ ᠲᠠᠢ ᠶᠠᠪᠤᠡᠡᠳᠠᠯ᠎ᠠ
ᠨᠡᠶᠢᠲᠡᠯᠡᠭᠰᠡᠨ ᠴᠠᠭ᠄
2024/8/5
       8 ᠰᠠᠷ᠎ᠠ ᠶᠢᠨ 3 ᠤ ᠡᠳᠦᠷ᠂ ᠠᠷᠤ ᠬᠤᠷᠴᠢᠨ ᠬᠤᠰᠢᠭᠤᠨ ᠤ ᠲᠡᠦᠬᠡ ᠰᠣᠶᠣᠯ ᠤᠨ ᠨᠡᠶᠢᠭᠡᠮᠯᠢᠭ ᠤᠨ 2024 ᠣᠨ ᠤ ᠬᠤᠷᠠᠯ ᠬᠤᠰᠢᠭᠤᠨ ᠨᠠᠮ ᠤᠨ ᠰᠤᠷᠭᠠᠭᠤᠯᠢ ᠳᠤ ᠲᠡᠭᠦᠰ ᠠᠮᠵᠢᠯᠲᠠ ᠲᠠᠢ ᠶᠠᠪᠤᠡᠡᠳᠠᠯ᠎ᠠ᠃ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠫᠧᠷᠤᠹᠧᠰᠰᠤᠷ ᠲᠠᠮᠤᠷᠪᠠᠭᠠᠨ᠎ᠠ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠬᠥᠭᠡᠪᠡᠷᠰ ᠵᠢᠴᠢ ᠮᠠᠨ ᠤ ᠬᠤᠰᠢᠭᠤᠨ ᠤ ᠨᠡᠷ᠎ᠡ ᠬᠦᠨᠳᠦᠲᠡᠢ ᠠᠬᠠᠮᠠᠳ ᠲᠡᠦᠬᠡ ᠰᠣᠶᠣᠯ ᠤᠨ ᠰᠤᠳᠤᠯᠭᠠᠲᠠᠳ ᠢᠶᠠᠷ ᠭᠤᠤᠯᠯᠠᠭᠰᠠᠨ ᠨᠡᠶᠢᠭᠡᠮ ᠨᠠᠶᠢᠳᠠ ᠶᠢᠨ ᠲᠡᠦᠬᠡ ᠰᠣᠶᠣᠯ ᠳᠤ ᠪᠠᠨ ᠬᠠᠶᠢᠷᠠᠲᠠᠢ ᠬᠥᠮᠥᠰ ᠬᠤᠷᠠᠯ ᠳᠤ ᠣᠷᠣᠯᠴᠠᠵᠤ᠂ ᠰᠠᠩᠵᠠᠢ ᠬᠤᠷᠠᠯ ᠡᠷᠬᠢᠯᠡᠵᠠᠢ᠃
       ᠬᠤᠷᠠᠯ ᠳᠤ᠂ ᠬᠥᠭᠡᠪᠡᠷᠰ ᠠᠷᠤ ᠬᠤᠷᠴᠢᠨ ᠬᠤᠰᠢᠭᠤᠨ ᠤ ᠨᠠᠮ ᠵᠠᠰᠠᠭ ᠢ ᠲᠥᠯᠥᠭᠡᠯᠡᠵᠦ ᠪᠡᠶᠠᠷ ᠤᠨ ᠦᠭᠡ ᠲᠠᠪᠰᠢᠭᠦᠯᠪᠡ᠃ ᠲᠡᠮᠣᠷᠪᠠᠭᠠᠨ᠎ᠠ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠪᠠᠨ ᠲᠥᠯᠥᠭᠡᠯᠡᠵᠦ ᠪᠠᠶᠠᠷ ᠤᠨ ᠦᠭᠡ ᠳᠡᠪᠰᠢᠭᠦᠯᠬᠦ ᠶᠢᠨ ᠬᠠᠮᠲᠤ ᠬᠠᠮᠵᠢᠯᠴᠠᠬᠤ ᠰᠠᠨᠠᠯ ᠲᠡᠯᠪᠢᠵᠠᠢ᠃ ᠠᠷᠦ ᠬᠤᠷᠴᠢᠨ ᠬᠤᠰᠢᠭᠤᠨ ᠤ ᠲᠡᠦᠬᠡ ᠰᠣᠶᠣᠯ ᠤᠨ ᠨᠠᠶᠢᠭᠡᠮᠯᠢᠭ ᠤᠨ ᠪᠠᠶᠢᠩᠭᠤ  ᠶᠢᠨ ᠲᠡᠳ᠋ ᠡᠷᠭᠢᠯᠡᠭᠴᠢ ᠰᠡᠷᠡᠩᠸᠠᠩᠵᠢᠯ ᠥᠩᠭᠡᠷᠡᠭᠰᠡᠨ ᠵᠢᠯ ᠤᠨ ᠠᠵᠢᠯ ᠢᠶᠠᠨ ᠳ᠋ᠦᠩᠨᠡᠵᠦ᠂ 2024 ᠣᠨ ᠤ ᠠᠵᠢᠯ  ᠢᠶᠠᠨ ᠪᠠᠶᠢᠷᠢᠯᠠᠭᠤᠯᠪᠠ᠃ ᠬᠤᠷᠠᠯ ᠠᠴᠠ ᠪᠠᠰᠠ ᠨᠡᠶᠢᠭᠡᠮᠯᠢᠭ ᠤᠨ ᠲᠡᠳ᠋ ᠲᠠᠷᠢᠭᠦᠯᠡᠭᠴᠢ ᠪᠠ ᠭᠡᠰᠢᠭᠦᠨ ᠢᠶᠠᠨ ᠰᠣᠩᠭᠤᠨ ᠭᠠᠷᠭᠠᠪᠠ᠃
       ᠰᠣᠳᠣᠯᠭᠠᠳᠠᠣᠨ ᠰᠣᠶᠣᠯ ᠲᠡᠦᠭᠡ ᠶᠢᠨ ᠲᠤᠬᠠᠢ ᠦᠪᠡᠷ ᠦᠪᠡᠷ ᠤᠨ ᠰᠤᠳᠤᠯᠭᠠᠨ ᠤ ᠦᠷ᠎ᠡ ᠪᠦᠲᠦᠭᠡᠯ ᠢᠶᠠᠨ ᠳᠡᠯᠭᠡᠨ ᠶᠠᠷᠢᠯᠴᠠᠬᠤ ᠶᠢᠨ ᠬᠠᠮᠲᠤ ᠰᠠᠨᠠᠯ ᠰᠠᠨᠠᠭᠤᠯᠭ᠎ᠠ ᠪᠠᠨ ᠳᠤᠷᠠᠳᠴᠤ᠂   ᠵᠠᠮᠢᠶᠠᠠᠯᠣᠷᠣᠢ᠂ ᠰᠠᠷᠠᠨᠳᠤᠶᠠᠭ᠎ᠠ ᠪᠣᠯᠤᠨ ᠳᠠᠶᠢᠪᠤᠩᠪᠠᠶᠠᠷ ᠵᠡᠷᠭᠡ ᠶᠢᠰᠤᠨ ᠰᠤᠳᠤᠯᠭᠠᠳᠠᠨ ᠰᠤᠳᠤᠯᠭᠠᠨ ᠤ ᠥᠭᠦᠯᠡᠯ ᠳᠡᠪᠰᠢᠭᠦᠯᠵᠡᠢ᠃
       ᠮᠡᠳᠡᠭᠡᠵᠢ ᠪᠠᠷ᠂ ᠠᠷᠦ ᠬᠤᠷᠴᠢᠨ ᠬᠤᠰᠢᠭᠤᠨ ᠤ ᠲᠡᠦᠬᠡ ᠰᠣᠶᠣᠯ ᠤᠨ ᠨᠡᠶᠢᠭᠡᠮᠯᠢᠭ ᠨᠢ 2017 ᠣᠨ  ᠳᠤ ᠠᠩᠬ᠎ᠠ ᠪᠠᠶᠢᠭᠤᠯᠤᠭᠳᠠᠭᠰᠠᠨ ᠠᠴᠠ ᠨᠠᠭᠠᠰᠢ᠂ 6 ᠵᠢᠯ ᠤᠨ ᠲᠤᠷᠰᠢ ᠵᠢᠯ ᠪᠣᠯᠭᠠᠨ ᠨᠢᠭᠡ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠬᠢᠭᠰᠡᠭᠡᠷ ᠢᠷᠡᠭᠰᠡᠨ ᠶᠤᠮ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号