ᠥᠷᠭᠡᠨ ᠤᠯᠠᠨ ᠶᠡᠭᠡ ᠳᠡᠭᠡᠳᠦ ᠰᠤᠷᠭᠠᠭᠤᠯᠢ ᠳᠡᠭᠦᠰᠦᠭᠰᠡᠨ ᠰᠤᠷᠤᠭᠴᠢ ᠳᠤ ᠰᠠᠶᠢᠲᠤᠷ ᠦᠢᠯᠡᠴᠢᠯᠡᠨ᠂ | ᠵᠠᠯᠠᠭᠤᠴᠤᠳ ᠤᠨ ᠬᠡᠪ ᠴᠢᠨᠠᠷ ᠢ ᠦᠨᠡᠨᠬᠦ ᠲᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 4 ᠤ ᠡᠳᠦᠷ᠂ ᠠᠷᠦ | ᠬᠤᠷᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠪᠣᠯᠣᠨ ᠤᠯᠠᠭᠠᠡᠬᠠᠳᠠ | ᠶᠢᠨ ︽ᠰᠢᠨ ᠲᠤ ᠵᠢᠩ︾ ᠰᠤᠷᠭᠠᠨ ᠬᠥᠮᠥᠵᠢᠯ ᠤᠨ ᠪᠠᠶᠢᠭᠤᠯᠤᠮᠵᠢ ᠬᠠᠮᠲᠤᠷᠠᠨ ᠡᠷᠭᠢᠯᠡᠭᠰᠡᠨ ︽ᠶᠢᠦ ᠢ π᠂ | ᠠᠯᠪᠠᠳᠠᠨ ᠳᠤ ᠰᠢᠯᠭᠠᠭᠤᠯᠬᠤ ᠵᠠᠯᠠᠭᠤᠴᠤᠳ ᠤᠨ ᠨᠠᠶᠢᠳᠠ ᠶᠢᠨ ᠠᠰᠠᠷᠠᠮᠵᠢ ᠶᠢᠨ ᠪᠣᠯᠪᠠᠰᠤᠷᠠᠯ︾ ᠵᠢᠩᠬᠢᠨᠢ ᠪᠠᠷ | ᠡᠬᠢᠯᠡᠪᠡ᠃ | | | | ᠪᠣᠯᠪᠠᠰᠤᠷᠠᠯ ᠳᠤ᠂ ᠪᠥᠬᠦ ᠬᠤᠰᠢᠭᠤᠨ ᠤ 200 ᠭᠠᠷᠤᠢ ᠨᠡᠷ᠎ᠡ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ | ᠰᠤᠷᠣᠭᠴᠢ ᠣᠷᠤᠯᠴᠠᠨ᠂ ᠠᠭᠤᠯᠭ᠎ᠠ ᠶᠢᠨ ᠬᠤᠪᠢ ᠳᠤ ᠰᠢᠭᠦᠨ ᠦᠭᠦᠯᠡᠬᠦᠢ᠂ ᠬᠡᠯᠡᠬᠦᠢ ᠶᠢᠨ ᠣᠶᠢᠯᠠᠭᠠᠯᠳᠠ᠂ | ᠯᠣᠭᠢᠭ ᠤᠨ ᠮᠠᠭᠠᠳᠯᠠᠯᠲᠠ᠂ ᠲᠤᠭ᠎ᠠ ᠬᠡᠮᠵᠢᠶᠡᠨ ᠤ ᠬᠠᠷᠢᠴᠠᠭ᠎ᠠ᠂ ᠮᠠᠲ᠋ᠧᠷᠢᠶᠠᠯ ᠤᠨ ᠵᠠᠳᠠᠯᠦᠯᠲᠠ ᠵᠡᠷᠭᠡ ᠲᠠᠯ᠎ᠠ ᠶᠢᠨ | ᠮᠡᠳᠡᠯᠭᠡ ᠶᠢ ᠬᠠᠮᠤᠷᠴᠤ᠂ ᠠᠳᠠᠯᠢ ᠪᠤᠰᠤ ᠦᠨᠳᠦᠰᠦᠲᠡᠨ ᠤ ᠰᠤᠷᠤᠯᠴᠠᠭᠴᠢ ᠶᠢᠨ ᠬᠡᠷᠡᠭᠴᠡᠭᠡ ᠶᠢ ᠬᠠᠩᠭᠠᠬᠤ ᠶᠢᠨ | ᠲᠤᠰᠠᠳᠠ᠂ ᠰᠢᠭᠦᠨ ᠥᠭᠦᠯᠡᠬᠦᠢ ᠶᠢᠨ ᠬᠢᠴᠢᠶᠡᠯ ᠲᠦᠷᠦᠯ ᠳᠤ ᠬᠢᠲᠡᠳ ᠬᠡᠯᠡᠨ ᠤ ᠬᠢᠴᠢᠶᠡᠯᠡᠯᠭᠡ ᠶᠢᠨ ᠠᠩᠬᠢ ᠪᠠ | ᠮᠣᠩᠭᠤᠯ ᠬᠡᠯᠡᠨ ᠤ ᠬᠢᠴᠢᠶᠠᠯᠠᠯᠭᠡ ᠶᠢᠨ ᠠᠩᠬᠢ ᠲᠤᠬᠢᠷᠠᠭᠤᠯᠤᠨ᠂ ᠬᠤᠶᠠᠷ ᠲᠠᠯᠠᠪᠣᠷ ᠭᠠᠵᠠᠷ ᠬᠤᠪᠢᠶᠠᠨ ᠵᠡᠷᠭᠡᠪᠡᠷ | ᠬᠢᠴᠢᠶᠡᠯᠡᠯᠭᠡ ᠬᠢᠵᠦ᠂ ᠨᠡᠶᠢᠳᠠ 12 ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠶᠠᠪᠤᠡᠡᠳᠠᠭᠤᠯᠬᠤ ᠪᠣᠯᠣᠨ᠎ᠠ᠃ | | | | ᠲᠠᠶᠢᠯᠪᠤᠷᠢᠯᠠᠭᠴᠢ ᠪᠠᠭᠰᠢ ᠠᠴᠠ ᠬᠠᠮᠢᠶ᠎ᠠ ᠪᠦᠬᠦᠢ ᠮᠡᠳᠡᠯᠭᠡ ᠶᠢᠨ ᠲᠤᠭᠤᠷᠢᠨ ᠳᠤ ᠪᠦᠬᠦ ᠲᠠᠯ᠎ᠠ ᠶᠢᠨ᠂ | ᠰᠢᠰᠲ᠋ᠧᠮ ᠲᠠᠢ᠂ ᠬᠠᠨᠳᠤᠯᠭᠠᠲᠤ ᠴᠢᠨᠠᠷ ᠲᠠᠢ ᠵᠢᠯᠣᠭᠤᠳᠣᠯᠭ᠎ᠠ ᠦᠭᠴᠦ᠂ ᠪᠠᠰᠠ ᠰᠠᠳᠤᠪ ᠬᠠᠷᠢᠭᠤᠯᠬᠤ ᠠᠷᠭ᠎ᠠ ᠶᠢᠨ | ᠲᠠᠯ᠎ᠠ ᠳᠤ ᠨᠠᠷᠢᠯᠢᠭ ᠲᠠᠶᠢᠯᠪᠤᠷᠢᠯᠠᠯᠲᠠ ᠬᠢᠵᠦ᠂ ᠲᠣᠬᠢᠷᠠᠮᠵᠢᠲᠠᠢ ᠵᠢᠱᠢᠶ᠎ᠠ ᠰᠠᠳᠤᠪ ᠤᠨ ᠪᠤᠯᠪᠠᠰᠤᠷᠠᠯ ᠬᠢᠯᠭᠡᠨ᠂ | ᠬᠢᠴᠢᠶᠡᠯ ᠤᠨ ᠠᠭᠤᠯᠭ᠎ᠠ ᠶᠢ ᠪᠠᠳᠣᠣᠡᠬᠠᠬᠤ ᠶᠢᠨ ᠬᠠᠮᠲᠤ᠂ ᠪᠣᠯᠪᠠᠰᠤᠷᠠᠯ ᠳᠤ ᠣᠷᠣᠯᠴᠠᠭᠰᠠᠨ ᠰᠤᠷᠣᠯᠴᠠᠭᠴᠢ ᠶᠢᠨ | ᠠᠰᠠᠭᠤᠭᠰᠠᠨ ᠠᠰᠠᠭᠤᠯᠲᠠ ᠪᠠ ᠲᠦᠭᠡᠷᠢᠭᠳᠡᠯ ᠢ ᠳᠠᠶᠢᠯᠵᠤ᠂ ᠨᠢᠭᠡᠳ ᠨᠢᠭᠡ ᠪᠠᠷ ᠳᠠᠶᠢᠯᠪᠤᠷᠢᠯᠠᠯᠲᠠ ᠥᠭᠬᠦ ᠪᠣᠯᠤᠨ᠋᠎ᠠ᠃ | | ᠪᠣᠯᠪᠠᠰᠤᠷᠠᠯ ᠳᠤ ᠣᠷᠣᠯᠴᠠᠭᠰᠠᠳ ᠠᠴᠠ᠂ ᠲᠣᠰ ᠤᠳᠠᠭᠠᠨ ᠤ ᠰᠣᠷᠣᠯᠴᠠᠯᠭ᠎ᠠ ᠶᠢᠨ ᠬᠤᠪᠤᠷᠬᠠᠨ | ᠲᠣᠬᠢᠶᠠᠯ ᠢ ᠰᠠᠶᠢᠲᠤᠷ ᠨᠠᠨᠳᠢᠩᠨᠡᠨ᠂ ᠲᠣᠰ ᠪᠡᠶ᠎ᠡ ᠶᠢᠨ ᠢᠶᠠᠨ ᠶᠡᠷᠦᠩᠬᠡᠶᠢᠯᠡᠭᠰᠡᠨ ᠬᠡᠪ ᠴᠢᠨᠠᠷ ᠢ ᠴᠢᠷᠮᠠᠶᠢᠨ | ᠳᠡᠭᠡᠭᠰᠢᠯᠡᠭᠦᠯᠵᠦ᠂ ᠴᠢᠳᠠᠪᠤᠷᠢ ᠪᠠᠨ ᠨᠡᠮᠡᠭᠳᠡᠭᠦᠯᠦᠨ᠂ ᠢᠷᠡᠭᠡᠳᠦᠢ ᠶᠢᠨ ᠠᠵᠢᠯ ᠣᠯᠬᠤ ᠵᠠᠮ ᠳᠤ ᠪᠠᠨ ᠨᠡᠩ | ᠯᠠᠪᠳᠠᠭᠤᠨ ᠣᠷᠣᠡᠡᠰᠢᠯᠠᠨᠠ ᠭᠡᠵᠡᠭᠡᠪᠡ᠃ | | | | ︽ᠶᠢᠦ ᠢ π᠂ ᠠᠯᠪᠠᠳᠠᠨ ᠳᠤ ᠰᠢᠯᠭᠠᠭᠤᠯᠬᠤ ᠵᠠᠯᠠᠭᠤᠴᠤᠳ ᠤᠨ ᠨᠠᠶᠢᠳᠠ ᠶᠢᠨ ᠠᠰᠠᠷᠠᠮᠵᠢ ᠶᠢᠨ | ᠪᠣᠯᠪᠠᠰᠤᠷᠠᠯ︾ ᠪᠣᠯ ᠠᠷᠤ ᠬᠤᠷᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ | ᠲᠥᠪ ᠠᠴᠠ ᠵᠠᠯᠠᠭᠤᠴᠤᠳ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠢ ᠵᠣᠯᠭᠠᠭᠤᠯᠣᠨ᠂ ᠦᠷᠭᠡᠨ ᠤᠯᠠᠨ | ᠵᠠᠯᠠᠭᠤᠴᠤᠳ ᠤᠨ ᠦᠰᠦᠨ ᠪᠣᠶᠢᠵᠢᠯᠳᠡ ᠪᠠ ᠬᠥᠭᠵᠢᠯᠲᠡ ᠶᠢ ᠬᠠᠯᠠᠮᠵᠢᠯᠠᠬᠤ ᠨᠢᠭᠡᠨ ᠲᠦᠷᠦᠯ ᠤᠨ ᠴᠢᠬᠤᠯᠠ ᠠᠷᠭ᠎ᠠ | ᠬᠡᠮᠵᠢᠶ᠎ᠡ ᠪᠠᠶᠢᠵᠦ᠂ ᠵᠠᠯᠠᠭᠤᠴᠤᠳ ᠲᠤ ᠪᠣᠯᠪᠠᠰᠤᠷᠠᠯ ᠳᠤ ᠰᠠᠭᠤᠬᠤ ᠵᠠᠪᠰᠢᠶᠠᠨ ᠣᠯᠭᠤᠭᠰᠠᠨ ᠪᠥᠭᠡᠳ ᠨᠠᠮ ᠤᠨ | ᠬᠠᠶᠢᠷ᠎ᠠ ᠬᠠᠯᠠᠮᠵᠢ ᠶᠢ ᠮᠡᠳᠡᠷᠡᠭᠦᠯᠦᠨ ᠬᠦᠷᠲᠡᠭᠡᠵᠦ᠂ ᠠᠷᠦ ᠬᠤᠷᠴᠢᠨ ᠬᠤᠰᠢᠭᠤᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠂ ᠤᠯᠠᠨ | ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ︵ᠣᠷᠭᠤᠮᠠᠯ︶ | |