8 ᠰᠠᠷ᠎ᠠ ᠶᠢᠨ 5 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠢᠶᠠ ᡁᠢ ᠬᠤᠩ ᠠᠷᠤ ᠬᠤᠷᠴᠢᠨ ᠬᠤᠰᠢᠭᠤᠨ | ᠤ 2024 ᠣᠨ ᠤ 7 ᠳ᠋ᠤᠭᠠᠷ ᠤᠳᠠᠭᠠᠨ ᠤ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠢ | ᠡᠷᠬᠢᠯᠡᠨ ᠬᠤᠷᠠᠯᠳᠤᠭᠤᠯᠵᠤ᠂ ᠤᠲᠤᠬᠠᠨ ᠤ ᠠᠵᠤ ᠠᠬᠤᠢ ᠶᠢᠨ ᠪᠠᠶᠢᠳᠠᠯ ᠢ ᠬᠦᠨᠵᠡᠬᠡᠢ ᠰᠤᠳᠤᠯᠤᠨ ᠮᠠᠭᠠᠳᠯᠠᠵᠤ᠂ | ᠳᠠᠷᠠᠭᠠᠴᠢ ᠶᠢᠨ ᠠᠯᠠᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ | ᠵᠠᠰᠠᠭ ᠤᠨ ᠣᠷᠳᠣᠨ ᠤ ᠠᠯᠪᠠᠨ ᠭᠡᠷ᠂ ᠲᠤᠭ᠎ᠠ ᠪᠦᠷᠢᠳᠬᠡᠯ ᠤᠨ ᠲᠣᠪᠴᠢᠶ᠎ᠡ᠂ ᠬᠥᠭᠵᠢᠭᠦᠯᠦᠯᠲᠡ ᠦᠭᠡᠷᠡᠴᠢᠯᠡᠯᠲᠡ | ᠶᠢᠨ ᠵᠦᠪᠯᠡᠯ᠂ ᠠᠵᠦ ᠦᠢᠯᠡᠳᠪᠦᠷᠢ ᠮᠡᠳᠡᠭᠡ ᠵᠠᠩᠭᠢᠴᠢᠯᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠡ᠂ ᠬᠤᠳᠠᠯᠳᠤᠭᠠᠨ ᠤ ᠶᠠᠪᠤᠳᠠᠯ ᠪᠠ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠤᠪᠴᠢᠶ᠎ᠡ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠨ | ᠬᠤᠷᠠᠯ ᠳᠤ ᠣᠷᠣᠯᠴᠠᠵᠠᠢ᠃ | | | | ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ | ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠪᠦᠲᠦᠮᠵᠢᠲᠤ ᠴᠢᠨᠠᠷ᠂ ᠨᠠᠷᠢᠯᠢᠭ ᠤᠨᠣᠪᠴᠢᠲᠤ ᠴᠢᠨᠠᠷ ᠢ | ᠴᠢᠨᠠᠭᠰᠢᠳᠠ ᠴᠢᠩᠭᠠᠣᠡᠬᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ | ᠬᠡᠮᠵᠢᠶ᠎ᠡ ᠶᠢ ᠵᠣᠬᠢᠰᠲᠡᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ | ᠶᠢᠨ ︽ᠰᠢᠵᠢᠷ ᠠᠯᠳᠠᠨ ᠬᠤᠭᠤᠴᠠᠭ᠎ᠠ︾ ᠶᠢ ᠠᠮᠵᠢᠨ ᠠᠳᠬᠤᠵᠤ᠂ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ᠂ | ᠠᠬᠢᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠣᠡᠬᠠᠵᠤ᠂ ᠨᠡᠩ ᠤᠯᠠᠨ ᠪᠣᠳᠠᠲᠤ ᠠᠵᠢᠯ ᠤᠨ ᠬᠡᠮᠵᠢᠶ᠎ᠠ ᠶᠢ | ᠴᠢᠷᠮᠠᠶᠢᠨ ᠪᠦᠷᠢᠯᠳᠦᠭᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠤᠬᠠᠮᠰᠠᠷ ᠪᠠ ᠰᠠᠨᠠᠭᠠᠰᠢᠷᠡᠯ ᠤᠨ ᠤᠬᠠᠮᠰᠠᠷ ᠢᠶᠠᠨ | ᠦᠨᠡᠡᠬᠦ ᠴᠢᠩᠭᠠᠣᠡᠬᠠᠵᠤ᠂ ᠲᠣᠭᠳᠠᠭᠰᠠᠨ ᠬᠠᠷᠠᠯᠲᠠ ᠲᠠᠢ ᠬᠠᠷᠭᠤᠭᠤᠯᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ | ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠠᠷᠤ ᠬᠤᠷᠴᠢᠨ ᠬᠤᠰᠢᠭᠤᠨ ᠤ ᠠᠵᠤ ᠠᠬᠤᠢ ᠶᠢᠨ ᠡᠷᠡᠭᠦᠯ ᠲᠤᠭᠳᠠᠭᠤᠨ ᠢᠶᠠᠷ ᠬᠥᠭᠵᠢᠬᠦ ᠶᠢ | ᠯᠠᠪᠳᠠᠭᠤᠨ ᠪᠠᠲᠤᠲᠠᠢ ᠠᠬᠢᠭᠤᠯᠵᠤ᠂ ᠪᠥᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠡ ᠶᠢ | ᠡᠷᠡᠰ ᠭᠤᠶᠢᠪᠢᠰᠢ ᠦᠭᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃ ︵ᠯᠠᠢ ᠬᠤᠸᠠᠨ ᠢᠦᠢ︶ | |